ᠼᠦᠢ ᠵᠢᠩ ᠶᠢᠩ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠪᠠᠶᠢᠳᠠᠯ ᠢ ᠪᠠᠶᠢᠴᠠᠭᠠᠨ ᠵᠢᠯᠣᠭᠤᠳᠬᠤ ᠶᠢᠨ ᠬᠠᠮᠲᠤ ᠪᠥᠬᠦ ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/6/7
     6 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠪᠠᠶᠢᠳᠠᠯ ᠢ ᠪᠠᠶᠢᠴᠠᠭᠠᠨ ᠵᠢᠯᠣᠭᠤᠳᠬᠤ ᠶᠢᠨ ᠬᠠᠮᠲᠤ ᠪᠥᠬᠦ ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃      ᠼᠦᠢ ᠵᠢᠩ ᠶᠢᠩ ᠨᠡᠷ ᠤᠷᠢᠳ ᠬᠤᠵᠢᠳ ᠬᠤᠳᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠪᠣᠯᠤᠨ ᠬᠤᠳᠠ ᠶᠢᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠢᠭ ᠲᠤ ᠬᠦᠷᠴᠦ᠂ ᠰᠢᠯᠭᠠᠯᠲᠠ ᠶᠢᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠶᠢᠨ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠯᠭᠠᠭᠤᠯᠤᠭᠰᠠᠳ ᠤᠨ ᠲᠠᠯᠠᠪᠠᠢ ᠳᠤ ᠣᠷᠣᠬᠤ ᠶᠠᠪᠤᠴᠠ᠂ ᠸᠢᠳᠢᠣ᠋ ᠪᠠᠷ ᠬᠢᠨᠠᠨ ᠡᠵᠡᠮᠳᠡᠬᠦ ᠲᠥᠬᠦᠭᠡᠷᠦᠮᠵᠢ ᠶᠢᠨ ᠠᠵᠢᠯᠯᠠᠭᠠᠨ᠂ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠠᠵᠢᠯ᠂ ᠰᠢᠯᠭᠠᠯᠲᠠ ᠶᠢᠨ ᠲᠠᠯᠠᠪᠠᠢ ᠶᠢᠨ ᠪᠠᠶᠢᠷᠢᠯᠠᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠣᠯ ᠲᠦᠭ ᠲᠦᠮᠡᠨ ᠠᠶᠢᠯ ᠡᠷᠦᠬᠡ ᠶᠢᠨ ᠰᠡᠳᠬᠢᠯ ᠢ ᠬᠤᠯᠪᠣᠵᠤ ᠪᠠᠶᠢᠳᠠᠭ᠂ ᠡᠨᠡ ᠪᠣᠯ ᠨᠡᠶᠢᠭᠡᠮ ᠳᠠᠶᠠᠭᠠᠷ ᠤᠨ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠲᠦᠢᠯ ᠢᠶᠠᠷ ᠬᠠᠷᠢᠭᠤᠴᠠᠬᠤ ᠶᠢ ᠪᠠᠷᠢᠮᠲᠠᠯᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠲᠣᠬᠢᠷᠠᠭᠤᠯᠤᠨ᠂ ᠴᠢᠩᠭ᠎ᠠ ᠠᠴᠠ ᠴᠢᠩᠭ᠎ᠠ᠂ ᠪᠣᠳᠠᠲᠠᠶ ᠠᠴᠠ ᠪᠣᠳᠠᠲᠠᠶ᠂ ᠨᠠᠷᠢᠯᠢᠭ ᠠᠴᠠ ᠨᠠᠷᠢᠯᠢᠭ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠶᠠᠪᠤᠴᠠ ᠶᠢᠨ ᠵᠢᠷᠤᠮᠵᠢᠯ ᠢ ᠴᠢᠩᠳᠠᠯᠠᠵᠤ᠂ ᠡᠯ᠎ᠡ ᠭᠤᠭᠴᠤᠭ᠎ᠠ ᠶᠢ ᠨᠢᠭᠲᠠ ᠵᠣᠯᠭᠠᠭᠤᠯᠵᠤ᠂ ᠥᠨᠳᠥᠷ ᠪᠦᠲᠦᠮᠵᠢᠲᠡᠶ ᠪᠠᠷ ᠠᠵᠢᠯᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠠᠵᠢᠯ ᠤᠨ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠢᠳᠡᠭᠡᠨ ᠤ ᠠᠮᠤᠷ ᠲᠦᠪᠰᠢᠨ᠂ ᠰᠡᠳᠬᠢᠴᠡ ᠶᠢᠨ ᠵᠢᠯᠣᠭᠤᠳᠤᠯᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠴᠠᠬᠢᠯᠭᠠᠨ ᠬᠦᠴᠦᠨ ᠤ ᠬᠠᠩᠭᠠᠯᠭ᠎ᠠ᠂ ᠱᠤᠤᠭᠢᠶᠠᠨ ᠢ ᠬᠠᠮᠢᠶᠠᠷᠤᠨ ᠡᠵᠡᠮᠳᠡᠬᠦ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢᠶᠠᠨ ᠦᠨᠡᠨ ᠬᠦ ᠰᠠᠶᠢᠲᠤᠷ ᠬᠢᠵᠦ᠂ ᠰᠢᠯᠭᠠᠭᠤᠯᠤᠭᠴᠢ ᠶᠢ ᠰᠠᠨᠠᠭ᠎ᠠ ᠠᠮᠤᠷ ᠪᠠᠶᠢᠯᠭᠠᠵᠤ᠂ ᠭᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠵᠤ᠂ ᠦᠶ ᠣᠯᠠᠨ ᠰᠢᠯᠭᠠᠭᠤᠯᠤᠭᠴᠢ ᠶᠢᠨ ᠰᠠᠶᠢᠨ ᠬᠢᠷᠢ ᠪᠦᠲᠦᠮᠵᠢ ᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠡᠢ᠃      ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠠᠶᠢᠷᠤᠪ ᠤᠨ ᠲᠤᠬᠤᠢ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ᠂ ᠬᠠᠶᠢᠷᠤᠪ ᠤᠨ ᠲᠤᠬᠤᠢ ᠲᠣᠭᠤᠷᠢᠭ ᠤᠨ ᠬᠤᠶᠠᠳᠤᠭᠠᠷ ᠬᠡᠦᠬᠡᠳ ᠤᠨ ᠴᠡᠴᠡᠷᠯᠢᠭ᠂ ᠬᠤᠳᠠ ᠶᠢᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠳᠤ᠂ ᠼᠦᠢ ᠵᠢᠩ ᠶᠢᠩ ︽ᠰᠢᠨ᠎ᠡ ᠬᠢᠴᠢᠶᠡᠯ ᠰᠢᠨ᠎ᠡ ᠵᠢᠭᠠᠬᠤ ᠮᠠᠲ᠋ᠧᠷᠢᠶᠠᠯ︾ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ︽ᠬᠤᠶᠠᠷ ᠢ ᠬᠦᠩᠭᠡᠷᠡᠬᠦᠯᠬᠦ︾ ᠠᠵᠢᠯ ᠤᠨ ᠨᠠᠶᠢᠳᠠᠪᠤᠷᠢᠵᠢᠭᠤᠯᠤᠯᠲᠠ ᠪᠣᠯᠤᠨ ᠰᠤᠷᠭᠠᠭᠤᠯᠢ ᠶᠢᠨ ᠬᠦᠷᠢᠶᠡᠨ ᠤ ᠰᠣᠶᠣᠯ᠂ ᠰᠤᠷᠭᠠᠭᠤᠯᠢ ᠡᠷᠬᠢᠯᠡᠬᠦ ᠣᠨᠴᠠᠯᠢᠭ᠂ ᠬᠢᠴᠢᠶᠡᠯ ᠤᠨ ᠪᠠᠶᠢᠷᠢᠯᠠᠭᠤᠯᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠭᠡᠯᠡᠭᠰᠡᠨ ᠨᠢ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠭᠤᠷᠢ ᠰᠤᠷᠭᠠᠨ ᠬᠥᠮᠦᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠠᠳᠬᠤᠵᠤ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠦᠨᠡᠨ ᠬᠦ ᠳᠡᠭᠡᠭᠰᠢᠯᠡᠭᠦᠯᠵᠦ᠂ ᠠᠷᠠᠳ ᠤᠯᠠᠨ ᠤ ᠰᠢᠯᠢᠳᠡᠭ ᠰᠤᠷᠭᠠᠨ ᠬᠥᠮᠦᠵᠢᠯ ᠤᠨ ᠲᠤᠬᠠᠢ ᠬᠦᠰᠡᠯ ᠡᠷᠡᠮᠡᠯᠵᠡᠯ ᠢ ᠨᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号