ᠼᠦᠢ ᠵᠢᠩ ᠶᠢᠩ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/8
     6 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠭᠤᠤ ᠪᠥᠸᠧ ᠬᠠᠮᠲᠤ ᠪᠠᠶᠢᠴᠠᠭᠠᠨ ᠰᠤᠳᠤᠯᠤᠯᠲᠠ ᠬᠢᠪᠡ᠃      ᠼᠦᠢ ᠵᠢᠩ ᠶᠢᠩ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠶᠦᠩ ᠲᠠᠢ᠂ ᠰᠠᠨ ᠸᠧᠢ᠂ ᠮᠧᠢ ᠪᠠᠩ᠂ ᠾᠧᠢ ᠮᠤᠤ ᠨᠡᠭᠦᠷᠡᠰᠦᠲᠥ᠋ᠷᠥᠭᠴᠢ ᠶᠢᠨ ᠰᠠᠭᠤᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠵᠢᠴᠢ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠲᠦᠷᠦᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠶᠢᠨ ᠲᠤᠬᠠᠢ ᠰᠠᠨᠠᠯ ᠢᠶᠠᠨ ᠰᠣᠯᠢᠯᠴᠠᠵᠤ᠂ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠢ ᠯᠠᠪᠯᠠᠨ ᠠᠰᠠᠭᠤᠵᠤ᠂ ᠪᠣᠳᠠᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠤᠬᠠᠢ ᠶᠢᠨ ᠲᠠᠯᠠᠪᠠᠢ ᠳᠤ ᠰᠤᠳᠤᠯᠵᠤ᠂ ᠠᠵᠤ ᠠᠬᠤᠶᠢᠯᠠᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠪᠠᠨ ᠲᠦᠷᠭᠡᠳᠬᠡᠬᠦ ᠬᠡᠷᠡᠭᠳᠡᠢ ᠬᠡᠵᠦ ᠵᠣᠷᠢᠭᠵᠢᠭᠤᠯᠪᠠ᠃      ᠼᠦᠢ ᠵᠢᠩ ᠶᠢᠩ ᠬᠡᠯᠡᠭᠰᠡᠨ ᠨᠢ᠂ ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠬᠥᠭᠵᠢᠯᠲᠡ ᠪᠠᠨ ᠲᠦᠷᠭᠡᠳᠬᠡᠵᠦ᠂ ᠬᠥᠭᠵᠢᠯᠲᠡ ᠶᠢ ᠶᠡᠬᠡᠪᠡᠷ ᠠᠳᠬᠤᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠢᠯᠡᠴᠢᠯᠡᠭᠡᠨ ᠤ ᠲᠣᠭᠲᠠᠴᠠ ᠪᠠᠨ ᠴᠢᠨᠠᠭᠰᠢᠳᠠ ᠲᠡᠭᠦᠯᠳᠡᠷᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠲᠦᠪᠡᠭᠲᠡᠢ ᠠᠰᠠᠭᠤᠳᠠᠯ ᠢ ᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠯᠥᠪᠵᠢᠭᠦᠯᠭᠡ ᠶᠢ ᠰᠢᠰᠲ᠋ᠧᠮ ᠲᠠᠢ ᠰᠤᠳᠤᠯᠵᠤ᠂ ︽ᠲᠠᠷᠠᠬᠠᠢ ᠶᠢ ᠴᠤᠭᠯᠠᠷᠠᠯ ᠪᠣᠯᠭᠠᠨ ᠥᠭᠡᠷᠡᠴᠢᠯᠡᠬᠦ︾ ︽ᠵᠠᠰᠠᠮᠠᠯ ᠵᠠᠮ ᠢᠶᠠᠷ ᠲᠡᠭᠡᠭᠡᠪᠦᠷᠢᠯᠡᠬᠦ ᠠᠴᠠ ᠲᠡᠮᠦᠷ ᠵᠠᠮ ᠢᠶᠠᠷ ᠲᠡᠭᠡᠭᠡᠪᠦᠷᠢᠯᠡᠬᠦ ᠳᠤ ᠰᠢᠯᠵᠢᠬᠦ︾ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠠᠷᠠᠭᠠᠨ ᠤ ᠲᠡᠭᠡᠭᠡᠪᠦᠷᠢ ᠶᠢᠨ ᠥᠷᠲᠡᠭᠡ ᠲᠠᠯᠠᠪᠠᠶ᠂ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠢᠭ ᠢ ᠵᠦᠶ ᠵᠣᠬᠢᠰᠲᠠᠶ ᠪᠠᠶᠢᠷᠢᠰᠢᠭᠤᠯᠵᠤ᠂ ᠲᠡᠮᠦᠷ ᠵᠠᠮ ᠤᠨ ᠲᠤᠰᠬᠠᠶ ᠱᠤᠭᠤᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠰᠢᠰᠲ᠋ᠧᠮ ᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ ᠭᠡᠵᠡᠢ᠃ ᠠᠵᠤ ᠠᠬᠤᠶᠢᠯᠠᠯ ᠤᠨ ᠬᠢᠨ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠠᠵᠠ ᠲᠣᠬᠢᠶᠠᠯ ᠢ ᠠᠮᠵᠢᠵᠤ᠂ ᠠᠷᠭ᠎ᠠ ᠪᠦᠬᠦᠨ ᠢ ᠰᠦᠪᠡᠭᠴᠢᠯᠡᠨ ᠠᠬᠢᠴᠠ ᠪᠠᠨ ᠲᠦᠷᠭᠡᠳᠭᠡᠵᠦ᠂ ᠨᠢᠭᠲᠠ ᠠᠴᠠ ᠨᠢᠭᠲᠠ ᠶᠠᠰᠤ ᠴᠢᠨᠠᠷ ᠢ ᠪᠠᠲᠤᠯᠠᠵᠤ᠂ ᠲᠦᠷᠦᠯ ᠵᠦᠢᠯ ᠢ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃ ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号