ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ
ᠨᠡᠶᠢᠲᠡᠯᠡᠭᠰᠡᠨ ᠴᠠᠭ᠄
2023/6/8
     ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠵᠠᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ      ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠨᠢ ᠮᠠᠨ ᠤ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠲᠠᠢ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠲᠠᠢ ᠬᠤᠯᠪᠣᠭᠳᠠᠵᠤ᠂ ᠤᠳᠤ ᠦᠶ᠎ᠡ ᠳᠤ ᠭᠠᠪᠢᠶ᠎ᠠ ᠪᠠᠶᠢᠭᠤᠯᠵᠤ ᠮᠢᠩᠭᠠᠨ ᠭᠠᠯᠪᠠ ᠳᠤ ᠠᠰᠢᠭ ᠬᠦᠷᠲᠡᠭᠡᠬᠦ ᠡᠷᠬᠢᠮ ᠳᠡᠭᠡᠳᠦ ᠦᠢᠯᠡᠰ ᠪᠣᠯᠣᠨ᠎ᠠ᠃ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠴᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠲᠠᠯ᠎ᠠ ᠪᠠᠷ ᠨᠡᠩ ᠶᠡᠭᠡ ᠠᠮᠵᠢᠯᠲᠠ ᠣᠯᠬᠤ ᠬᠡᠷᠡᠭᠲᠡᠢ

     6 ᠰᠠᠷ᠎ᠠ ᠶᠢᠨ 6 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂

ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠥᠪᠥᠷ ᠮᠣᠩᠭᠤᠯ ᠤᠨ ᠪᠠᠶᠠᠨᠨᠠᠭᠤᠷ ᠲᠤ

ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ

ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤ᠋‍ᠯᠬᠤ ᠶᠠᠷᠢᠯᠴᠠᠬᠤ ᠬᠤᠷᠠᠯ ᠢ

ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠ᠊‍ᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ

ᠬᠤᠸᠠᠨ ᡂᠢ ᠰᠡᠭᠦᠳᠡᠷᠯᠡᠪᠡ

     ᠰᠢᠨᠬᠤᠸᠠ ᠬᠤᠷᠢᠶ᠎ᠠ ᠶᠢᠨ ᠥᠪᠥᠷ ᠮᠣᠩᠭᠤᠯ ᠤᠨ ᠪᠠᠶᠠᠨᠨᠠᠭᠤᠷ ᠤᠨ 6 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ

ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ

ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠳᠠ ᠳᠤ

ᠰᠢᠨᠵᠢᠯᠡᠨ ᠪᠠᠶᠢᠴᠠᠭᠠᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ

ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ

ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂

ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ

ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠨᠢ ᠮᠠᠨ ᠤ

ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ

ᠪᠠᠶᠢᠭᠤᠯᠤᠯᠲᠠ ᠲᠠᠢ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠲᠠᠢ ᠬᠤᠯᠪᠣᠭᠳᠠᠵᠤ᠂

ᠤᠳᠤ ᠦᠶ᠎ᠡ ᠳᠤ ᠭᠠᠪᠢᠶ᠎ᠠ ᠪᠠᠶᠢᠭᠤᠯᠵᠤ ᠮᠢᠩᠭᠠᠨ ᠭᠠᠯᠪᠠ ᠳᠤ ᠠᠰᠢᠭ ᠬᠦᠷᠲᠡᠭᠡᠬᠦ ᠡᠷᠬᠢᠮ ᠳᠡᠭᠡᠳᠦ ᠦᠢᠯᠡᠰ ᠪᠣᠯᠣᠨ᠎ᠠ᠃

ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠦᠯᠦ ᠬᠠᠯᠠᠰᠢᠷᠠᠵᠤ᠂ ᠤᠳᠠᠭᠠᠨ

ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ

ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠴᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ

ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠪᠠᠶᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ

ᠤᠯᠤᠰ ᠢ ᠪᠦᠲᠦᠭᠡᠨ ᠪᠠᠶᠢᠭᠤᠯᠬᠤ ᠲᠠᠯ᠎ᠠ ᠪᠠᠷ ᠨᠡᠩ ᠶᠡᠭᠡ ᠠᠮᠵᠢᠯᠲᠠ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃

     5 ᠠᠴᠠ 6 ᠤ ᠡᠳᠦᠷ ᠪᠤᠯᠲᠠᠯ᠎ᠠ᠂ ᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ

ᠲᠡᠷᠢᠭᠦᠯᠡᠭᠴᠢ ᠸᠠᠩ ᠯᠢ ᠰᠢᠶᠠ ᠶᠢᠨ ᠪᠠᠷ᠎ᠠ ᠪᠤᠯᠣᠯᠭ᠎ᠠ ᠪᠠᠷ ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ

ᠣᠷᠣᠨ᠂ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ᠂ ᠣᠶ ᠰᠢᠭᠤᠢ ᠶᠢᠨ ᠲᠠᠯᠠᠪᠠᠶ᠂

ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠵᠡᠷᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃

     ᠬᠠᠲᠤᠨ ᠭᠤᠣᠯ ᠤᠨ ︽ᠶᠡᠭᠡ ᠲᠣᠬᠤᠢ︾ ᠶᠢᠨ ᠣᠷᠣᠢ ᠳᠤ ᠪᠠᠶᠢᠷᠢᠯᠠᠵᠤ ᠪᠠᠶᠢᠭ᠎ᠠ ᠤᠯᠠᠭᠠᠨᠰᠤᠬᠠᠢ ᠨᠠᠭᠤᠷ ᠪᠣᠯ ᠬᠠᠲᠤᠨ

ᠭᠤᠣᠯ ᠤᠨ ᠰᠠᠪᠠ ᠭᠠᠵᠠᠷ ᠤᠨ ᠬᠠᠮᠤᠭ ᠤᠨ ᠶᠡᠭᠡ ᠨᠠᠭᠤᠷ ᠴᠥᠭᠦᠷᠥᠮ ᠨᠤᠭᠤ ᠭᠠᠵᠠᠷ ᠪᠠᠶᠢᠵᠤ᠂ ᠬᠠᠲᠤᠨ ᠭᠤᠣᠯ ᠤᠨ

ᠤᠰᠤᠨ ᠤ ᠬᠡᠮᠵᠢᠶ᠎ᠡ ᠶᠢ ᠲᠣᠬᠢᠷᠠᠭᠤᠯᠬᠤ᠂ ᠤᠰᠤᠨ ᠤ ᠴᠢᠨᠠᠷ ᠢ ᠴᠡᠪᠡᠷᠰᠢᠭᠦᠯᠬᠦ᠂ ᠰᠥᠩ ᠬᠠᠯᠢᠶ᠎ᠠ ᠶᠢ ᠰᠡᠷᠭᠡᠶᠢᠯᠡᠵᠦ ᠦᠶᠡᠷ ᠢ

ᠰᠡᠷᠭᠡᠶᠢᠯᠡᠬᠦ ᠵᠡᠷᠭᠡ ᠴᠢᠬᠤᠯᠠ ᠴᠢᠳᠠᠮᠵᠢ ᠶᠢ ᠡᠭᠦᠷᠭᠡᠯᠡᠵᠦ᠂ ᠮᠠᠨ ᠤ ᠤᠯᠤᠰ ᠤᠨ ᠤᠮᠠᠷᠠᠲᠤ ᠶᠢᠨ ᠣᠯᠠᠨ ᠠᠮᠢ ᠠᠬᠤᠢ ᠶᠢᠨ

ᠴᠢᠳᠠᠮᠵᠢ ᠶᠢᠨ ᠠᠭᠤᠯᠵᠠᠷ ᠣᠷᠣᠨ ᠪᠠᠶᠢᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠡᠵᠡᠮᠳᠡᠬᠦ ᠪᠠᠶᠢᠭᠠᠯᠢ ᠶᠢᠨ

ᠠᠮᠢ ᠠᠬᠤᠢ ᠶᠢᠨ ᠬᠠᠯᠬᠠᠪᠴᠢ ᠪᠣᠯᠣᠨ᠎ᠠ᠃ 5 ᠤ ᠦᠳᠡ ᠶᠢᠨ ᠬᠤᠶᠢᠨ᠎ᠠ᠂ ᠰᠢ ᠶᠢᠨ ᠫᠢᠩ ᠠᠳᠡ ᠢᠷᠡᠵᠦ᠂ ᠲᠤᠬᠠᠢ ᠶᠢᠨ

ᠭᠠᠵᠠᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ

ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠪᠠᠶᠢᠬᠤ᠂ ᠠᠮᠢ ᠠᠬᠤᠢ ᠣᠷᠴᠢᠨ

ᠲᠣᠭᠤᠷᠢᠨ ᠤ ᠰᠡᠷᠭᠦᠯᠲᠡ ᠶᠢ ᠠᠬᠢᠭᠤᠯᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠵᠤ᠂ ᠤᠯᠠᠭᠠᠨᠰᠤᠬᠠᠢ ᠶᠢᠨ ᠪᠠᠶᠢᠭᠠᠯᠢ ᠶᠢᠨ

ᠳᠦᠷᠰᠦ ᠪᠠᠶᠢᠳᠠᠯ ᠪᠣᠯᠣᠨ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠪᠡ᠃ ᠰᠢ ᠶᠢᠨ

ᠫᠢᠩ᠂ ᠤᠯᠠᠭᠠᠨᠰᠤᠬᠠᠢ ᠶᠢᠨ ᠰᠠᠪᠠ ᠭᠠᠵᠠᠷ ᠢ ᠰᠠᠶᠢᠲᠤᠷ ᠵᠠᠰᠠᠬᠤ ᠨᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ

ᠠᠮᠤᠷ ᠲᠦᠪᠰᠢᠨ ᠢ ᠪᠠᠲᠤᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠤᠯᠠᠭᠠᠨᠰᠤᠬᠠᠢ ᠶᠢᠨ ᠵᠠᠰᠠᠯᠲᠠ

ᠪᠠ ᠬᠠᠮᠠᠭᠠᠯᠠᠯᠲᠠ ᠶᠢᠨ ᠴᠢᠭᠯᠡᠯ ᠨᠢ ᠲᠣᠳᠣᠷᠬᠠᠢ ᠶᠤᠮ᠂ ᠰᠡᠳᠬᠢᠯ ᠲᠠᠯᠪᠢᠨ ᠵᠠᠰᠠᠵᠤ᠂ ᠨᠠᠷᠢᠨ ᠨᠢᠮᠪᠠᠢ ᠬᠠᠶᠢᠷᠠᠯᠠᠨ ᠬᠠᠮᠠᠭᠠᠯᠠᠵᠤ᠂

ᠢᠮᠠᠭᠲᠠ ᠲᠤᠭᠤᠰᠢᠯᠠᠭᠤᠯᠵᠤ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠡᠨᠡ ᠬᠦ ︽ᠠᠷᠤ ᠭᠠᠵᠠᠷ ᠤᠨ ᠬᠡᠷᠡᠯᠳᠦ

ᠰᠤᠪᠤᠳ︾ ᠢ ᠰᠠᠶᠢᠲᠤᠷ ᠰᠠᠬᠢᠨ ᠬᠠᠮᠠᠭᠠᠯᠠᠵᠤ᠂ ᠦᠷ᠎ᠡ ᠬᠤᠶᠢᠴᠢᠰ ᠲᠠᠭᠠᠨ ᠬᠥᠬᠡᠮᠳᠦᠭ ᠨᠣᠭᠤᠭᠠᠨ ᠠᠭᠤᠯᠠ ᠤᠰᠤ ᠲᠠᠢ᠂

ᠰᠢᠨ᠎ᠡ ᠰᠣᠷᠭᠤᠭ ᠠᠭᠠᠷ ᠮᠠᠨᠳᠠᠯ ᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢ ᠦᠯᠡᠳᠡᠭᠡᠵᠦ ᠥᠭᠬᠦ ᠬᠡᠷᠡᠭᠲᠡᠢ ᠭᠡᠵᠦ

ᠴᠢᠬᠤᠯᠠᠴᠢᠯᠠᠪᠠ᠃

     ᠳᠠᠷᠠᠭ᠎ᠠ ᠨᠢ᠂ ᠰᠢ ᠶᠢᠨ ᠫᠢᠩ ᠤᠯᠠᠭᠠᠨᠰᠤᠬᠠᠢ ᠶᠢᠨ ᠡᠮᠦᠨ᠎ᠡ ᠬᠥᠪᠡᠭᠡᠨ ᠳᠤ ᠪᠠᠶᠢᠷᠢᠯᠠᠭ᠎ᠠ ᠣᠲᠣ ᠦᠶ᠎ᠡ ᠶᠢᠨ

ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ ᠬᠦᠷᠴᠦ᠂ ᠬᠥᠷᠥᠰᠥ ᠰᠢᠷᠣᠢ᠂ ᠦᠷ᠎ᠡ ᠶᠢᠨ ᠥᠯᠢᠭᠡᠷ

ᠵᠡᠷᠭᠡ ᠶᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠬᠤᠵᠢᠷᠯᠢᠭ ᠡᠯᠡᠰᠦᠷᠬᠡᠭ ᠡᠵᠡᠭᠦᠢ ᠭᠠᠵᠠᠷ ᠢ ᠥᠭᠡᠷᠡᠴᠢᠯᠡᠨ

ᠰᠠᠶᠢᠵᠢᠷᠠᠭᠤᠯᠬᠤ ᠪᠠ ᠶᠡᠷᠦᠩᠬᠡᠶᠢᠯᠡᠨ ᠠᠰᠢᠭᠯᠠᠬᠤ᠂ ᠰᠢᠨᠵᠢᠯᠡᠬᠦ ᠤᠬᠠᠭᠠᠨᠴᠢ ᠪᠠᠷ ᠤᠰᠤᠯᠠᠬᠤ ᠶᠢ ᠠᠬᠢᠭᠤᠯᠬᠤ᠂ ᠣᠲᠣ

ᠦᠶ᠎ᠡ ᠶᠢᠨ ᠲᠠᠷᠢᠶᠠᠯᠠᠩ ᠢ ᠳᠡᠯᠭᠡᠷᠡᠭᠦᠯᠬᠦ ᠠᠵᠢᠯ ᠢ ᠥᠷᠨᠢᠭᠦᠯᠦᠭᠰᠡᠨ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ

ᠲᠠᠷᠢᠶᠠᠨ ᠭᠠᠵᠠᠷ ᠲᠤ ᠬᠦᠷᠴᠦ᠂ ᠪᠤᠭᠤᠳᠠᠢ᠂ ᠯᠠᠵᠤᠤ ᠶᠢᠨ ᠤᠷᠭᠤᠴᠠ ᠶᠢ ᠨᠠᠷᠢᠨ ᠪᠠᠶᠢᠴᠠᠭᠠᠨ ᠦᠵᠡᠵᠦ᠂ ᠲᠤᠬᠠᠢ ᠶᠢᠨ

ᠲᠠᠯᠠᠪᠠᠢ ᠶᠢᠨ ᠬᠥᠳᠡᠭᠡ ᠠᠵᠤ ᠠᠬᠤᠢ ᠶᠢᠨ ᠮᠡᠷᠭᠡᠵᠢᠯᠲᠡᠨ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ

ᠪᠠᠶᠢᠭᠤᠯᠤᠯᠲᠠ ᠶᠢᠨ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠨᠢ ᠣᠲᠣ

ᠦᠶ᠎ᠡ ᠶᠢᠨ ᠲᠠᠷᠢᠶᠠᠯᠠᠩ ᠢ ᠳᠡᠯᠭᠡᠷᠡᠭᠦᠯᠬᠦ ᠲᠠᠯ᠎ᠠ ᠪᠠᠷ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠲᠠᠰᠤᠷᠠᠯᠲᠠ ᠦᠭᠡᠢ

ᠬᠠᠶᠢᠨ ᠰᠦᠪᠡᠭᠴᠢᠯᠡᠵᠦ᠂ ᠠᠳᠡ ᠲᠣᠬᠢᠷᠠᠬᠤ ᠲᠥᠷᠥᠯ ᠵᠦᠢᠯ᠂ ᠮᠡᠷᠭᠡᠵᠢᠯ ᠪᠠ ᠲᠠᠷᠢᠶᠠᠯᠠᠬᠤ ᠠᠷᠭ᠎ᠠ ᠭᠡᠯᠪᠡᠷᠢ ᠶᠢ ᠣᠯᠵᠤ᠂

ᠥᠪᠡᠷ ᠤᠨ ᠥᠷᠲᠡᠭ ᠢ ᠪᠠᠭᠤᠷᠠᠭᠤᠯᠵᠤ᠂ ᠦᠷ᠎ᠡ ᠠᠰᠢᠭ ᠢ ᠳᠡᠭᠡᠭᠰᠢᠯᠡᠭᠦᠯᠵᠦ᠂ ᠳᠠᠭᠤᠷᠢᠶᠠᠵᠤ ᠳᠡᠯᠭᠡᠷᠡᠭᠦᠯᠵᠦ ᠪᠣᠯᠬᠤᠶᠢᠴᠠ

ᠲᠤᠷᠰᠢᠯᠭ᠎ᠠ ᠶᠢ ᠪᠦᠷᠢᠯᠳᠦᠭᠦᠯᠬᠦ ᠬᠡᠷᠡᠭᠲᠡᠢ᠃ ᠪᠣᠷᠣᠳᠣᠬᠤᠢ ᠶᠢᠨ ᠭᠠᠵᠠᠷ ᠣᠷᠣᠨ ᠤ ᠨᠥᠬᠦᠴᠡᠯ ᠣᠨᠴᠠᠭᠠᠢ ᠰᠠᠶᠢᠨ᠂ ᠬᠡᠳᠦ᠋ᠢᠪᠡᠷ

ᠤᠰᠤ ᠳᠤᠲᠠᠭᠳᠠᠬᠤ ᠦᠭᠡᠢ ᠪᠤᠯᠪᠠᠴᠤ ᠡᠷᠬᠡᠪᠰᠢ ᠤᠰᠤᠨ ᠤ ᠡᠬᠢ ᠪᠠᠶᠠᠯᠢᠭ ᠢ ᠠᠷᠪᠢᠯᠠᠵᠤ᠂ ᠤᠳᠤ ᠦᠶ᠎ᠡ ᠶᠢᠨ ᠥᠨᠳᠥᠷ

ᠪᠦᠲᠦᠮᠵᠢᠲᠡᠢ ᠲᠠᠷᠢᠶᠠᠯᠠᠩ ᠪᠠ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠂ ᠶᠡᠭᠡ ᠤᠰᠤ ᠪᠠᠷ

ᠨᠠᠯᠠᠶᠢᠲᠠᠯ᠎ᠠ ᠤᠰᠤᠯᠠᠵᠤ ᠪᠤᠯᠬᠤ ᠦᠭᠡᠢ᠃ ᠶᠡᠷᠦᠩᠬᠡᠢ ᠳᠤᠨᠢ ᠠᠪᠴᠤ ᠦᠵᠡᠪᠡᠯ᠂ ᠥᠪᠥᠷ ᠮᠣᠩᠭᠤᠯ ᠤᠨ ᠨᠤᠲᠤᠭ

ᠪᠡᠯᠴᠢᠭᠡᠷ ᠲᠤ ᠨᠢᠭᠡᠨᠲᠡ ᠪᠡᠯᠴᠢᠭᠡᠷ ᠤᠨ ᠳᠠᠭᠠᠭᠠᠴᠠ ᠠᠴᠠ ᠳᠠᠪᠠᠭᠤᠯᠤᠨ ᠮᠠᠯᠵᠢᠭᠰᠠᠨ ᠪᠠᠶᠢᠨ᠎ᠠ᠂ ᠠᠮᠠᠷᠠᠭᠤᠯᠤᠨ ᠰᠡᠷᠭᠦᠭᠡᠬᠦ ᠶᠢ

ᠠᠩᠬᠠᠷᠬᠤ ᠬᠡᠷᠡᠭᠲᠡᠢ ᠭᠡᠵᠦ ᠵᠢᠭᠠᠵᠤ ᠭᠠᠷᠭᠠᠪᠠ᠃

     6 ᠤ ᠦᠳᠡ ᠶᠢᠨ ᠡᠮᠦᠨ᠎ᠡ᠂ ᠰᠢ ᠶᠢᠨ ᠫᠢᠩ ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ

ᠣᠶ ᠰᠢᠭᠤᠢ ᠶᠢᠨ ᠲᠠᠯᠠᠪᠠᠶ ᠳᠤ ᠬᠦᠷᠴᠦ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠰᠢᠰᠲ᠋ᠧᠮ ᠤᠨ

ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ 1978 ᠣᠨ ᠠᠴᠠ ᠡᠬᠢᠯᠡᠨ᠂ ᠲᠤᠰ ᠤᠢ

ᠰᠢᠭᠤᠢ ᠶᠢᠨ ᠲᠠᠯᠠᠪᠠᠢ ᠨᠢ ᠲᠠᠷᠢᠶᠠᠨ ᠭᠠᠵᠠᠷ ᠬᠤᠵᠢᠷᠰᠢᠭᠰᠠᠨ ᠠᠴᠠ ᠪᠣᠯᠤᠭᠰᠠᠨ ᠭᠠᠵᠠᠷ ᠰᠢᠷᠣᠢ ᠶᠢᠨ ᠡᠯᠡᠰᠦᠷᠬᠡᠭᠵᠢᠯ ᠤᠨ

ᠠᠰᠠᠭᠤᠳᠠᠯ ᠢ ᠶᠡᠭᠡ ᠪᠠᠷ ᠵᠠᠰᠠᠵᠤ᠂ ᠨᠡᠶᠢᠲᠡ 3.9 ᠲᠦᠮᠡᠨ ᠮᠦ ᠮᠣᠳᠣ ᠳᠠᠷᠢᠵᠠᠢ᠃ ᠤᠢ ᠰᠢᠭᠤᠢ ᠶᠢᠨ ᠲᠠᠯᠠᠪᠠᠢ ᠳᠤ᠂ ᠰᠢ ᠶᠢᠨ

ᠫᠢᠩ ᠥᠪᠥᠷ ᠮᠣᠩᠭᠤᠯ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ

ᠤᠢ ᠰᠢᠭᠤᠢ ᠶᠢᠨ ᠲᠠᠯᠠᠪᠠᠢ ᠶᠢᠨ ᠡᠯᠡᠰᠦ ᠶᠢ ᠵᠠᠰᠠᠵᠤ ᠣᠶᠢᠵᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ

ᠪᠥᠭᠡᠳ ᠶᠠᠭ ᠵᠠᠰᠠᠵᠤ ᠪᠠᠶᠢᠭ᠎ᠠ ᠡᠯᠡᠰᠦᠷᠬᠡᠭ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠰᠢ ᠶᠢᠨ ᠫᠢᠩ᠂

ᠬᠥᠮᠥᠨ ᠲᠥᠷᠥᠯᠬᠢᠲᠡᠨ ᠨᠡᠩ ᠰᠠᠶᠢᠲᠤᠷ ᠣᠷᠣᠰᠢᠨ ᠲᠣᠭᠲᠠᠨᠢᠵᠤ ᠬᠥᠭᠵᠢᠬᠦ ᠭᠡᠪᠡᠯ ᠡᠷᠬᠡᠪᠰᠢ ᠡᠯᠡᠰᠦᠷᠬᠡᠭᠵᠢᠯ ᠢ ᠰᠡᠷᠭᠡᠶᠢᠯᠡᠨ

ᠡᠯᠡᠰᠦ ᠶᠢ ᠵᠠᠰᠠᠬᠤ ᠬᠡᠷᠡᠭᠲᠡᠢ᠃ ᠡᠨᠡ ᠪᠣᠯ ᠨᠢᠭᠡᠨ ᠴᠢᠯᠠᠭᠤ ᠪᠥᠮᠪᠥᠷᠢᠭᠦᠯᠵᠦ ᠠᠭᠤᠯᠠᠨ ᠳᠤ ᠭᠠᠷᠭᠠᠬᠤ ᠶᠠᠪᠤᠴᠠ ᠮᠥᠨ᠂ ᠪᠠᠭ᠎ᠠ

ᠯᠠ ᠰᠤᠯᠠᠷᠠᠭᠰᠠᠭᠠᠷ ᠳᠠᠭᠢᠨ ᠳᠠᠪᠲᠠᠨ ᠬᠢᠬᠦ ᠶᠠᠪᠤᠳᠠᠯ ᠭᠠᠷᠳᠠᠭ᠃ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ

ᠣᠶ ᠶᠢᠨ ᠰᠢᠰᠲ᠋ᠧᠮ ᠤᠨ ᠪᠠᠶᠢᠭᠤᠯᠤᠯᠲᠠ ᠮᠡᠲᠦ ᠶᠢᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠭᠠᠭᠴᠠ ᠬᠦ

ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠰᠠᠶ᠋ᠢ ᠪᠡᠶᠡᠯᠡᠭᠦᠯᠵᠦ ᠴᠢᠳᠠᠨ᠎ᠠ᠃ ᠤᠮᠠᠷᠠᠲᠤ ᠶᠢᠨ

ᠭᠤᠷᠪᠠᠨ ᠣᠷᠣᠨ ᠤ ᠠᠮᠢ ᠠᠬᠤᠢ ᠮᠠᠰᠢ ᠬᠡᠪᠡᠷᠡᠭ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠣᠯ ᠨᠢᠭᠡᠨ ᠤᠷᠳᠤ

ᠬᠤᠭᠤᠴᠠᠭᠠᠨ ᠤ ᠲᠡᠦᠬᠡᠲᠦ ᠡᠭᠦᠷᠭᠡ ᠮᠥᠨ᠂ ᠪᠢᠳᠡ ᠡᠷᠬᠡᠪᠰᠢ ᠡᠨᠡ ᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂

ᠮᠠᠨ ᠤ ᠡᠪᠦᠭᠡ ᠳᠡᠭᠡᠳᠦᠰ ᠪᠣᠯᠣᠨ ᠬᠤᠶᠢᠴᠢ ᠦᠶ᠎ᠡ ᠳᠡᠭᠡᠨ ᠣᠰᠣᠯᠳᠠᠬᠤ ᠦᠭᠡᠢ ᠪᠠᠶᠢᠬᠤ ᠬᠡᠷᠡᠭᠲᠡᠢ᠃ ᠤᠢ ᠰᠢᠭᠤᠢ ᠶᠢᠨ

ᠲᠠᠯᠠᠪᠠᠢ ᠶᠢᠨ ᠠᠵᠢᠯ ᠮᠠᠰᠢ ᠬᠠᠲᠠᠭᠤᠵᠢᠯᠲᠠᠢ᠂ ᠪᠠᠰᠠ ᠮᠠᠰᠢ ᠠᠮᠵᠢᠯᠲᠠ ᠲᠠᠢ ᠪᠠᠶᠢᠵᠤ᠂ ᠦᠷᠭᠦᠯᠵᠢᠯᠡᠨ ᠰᠠᠶᠢᠲᠤᠷ ᠬᠢᠬᠦ

ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠥᠭᠦᠯᠡᠯ ᠢᠶᠠᠨ ᠡᠬᠡ ᠭᠠᠵᠠᠷ ᠳᠡᠭᠡᠷ᠎ᠡ ᠪᠢᠴᠢᠵᠦ᠂

ᠦᠢᠯᠡᠳᠦᠯᠭᠡ ᠶᠢᠨ ᠳᠤᠮᠳᠠ ᠪᠦᠷᠢᠯᠳᠦᠭᠰᠡᠨ ᠦᠨᠡᠨ ᠮᠡᠳᠡᠯᠭᠡ ᠪᠠᠨ ᠥᠭᠦᠯᠡᠯ ᠪᠣᠯᠭᠠᠨ ᠬᠤᠪᠢᠷᠠᠭᠤᠯᠵᠤ᠂ ᠨᠠᠮ ᠪᠠ ᠠᠷᠠᠳ

ᠲᠦᠮᠡᠨ ᠳᠤ ᠬᠡᠷᠡᠭᠴᠡᠭᠡ ᠲᠠᠢ ᠵᠢᠩᠬᠢᠨᠢ ᠳ᠋ᠣᠺᠲ᠋ᠣᠷ᠂ ᠵᠢᠩᠬᠢᠨᠢ ᠲᠤᠰᠬᠠᠢ ᠮᠡᠷᠭᠡᠵᠢᠯᠲᠡᠨ ᠪᠤᠯᠬᠤ ᠬᠡᠷᠡᠭᠲᠡᠢ ᠭᠡᠵᠦ

ᠴᠢᠬᠤᠯᠠᠴᠢᠯᠠᠪᠠ᠃

     ᠰᠢ ᠶᠢᠨ ᠫᠢᠩ ᠳᠠᠷᠠᠭ᠎ᠠ ᠨᠢ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ

ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠲᠤ ᠰᠢᠨᠵᠢᠯᠡᠨ ᠪᠠᠶᠢᠴᠠᠭᠠᠪᠠ᠃ ᠪᠣᠷᠣᠳᠣᠬᠤᠢ ᠶᠢᠨ ᠤᠰᠤᠯᠠᠯᠲᠠ ᠶᠢᠨ ᠣᠷᠣᠨ ᠪᠣᠯ

ᠮᠠᠨ ᠤ ᠤᠯᠤᠰ ᠤᠨ 3 ᠣᠨᠴᠠ ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠤ ᠨᠢᠭᠡ ᠪᠣᠯᠣᠨ᠎ᠠ᠂ ᠣᠲᠣ ᠨᠢᠭᠡᠨᠲᠡ

ᠪᠦᠷᠢᠨ ᠪᠦᠲᠦᠨ 7 ᠲᠠᠰ ᠤᠨ ᠤᠰᠤᠯᠠᠬᠤ ᠪᠠ ᠤᠰᠤ ᠵᠠᠯᠠᠬᠤ ᠰᠢᠰᠲ᠋ᠧᠮ ᠢ ᠪᠦᠷᠢᠯᠳᠦᠭᠦᠯᠪᠡ᠃ ᠰᠢ ᠶᠢᠨ ᠫᠢᠩ ᠡᠯᠡᠰᠦᠨ

ᠴᠠᠷ᠎ᠠ᠂ ᠳᠡᠯᠭᠡᠴᠡ ᠲᠠᠢ ᠤᠶᠠᠯᠳᠤᠭᠤᠯᠤᠨ᠂ ᠲᠤᠬᠠᠢ ᠶᠢᠨ ᠭᠠᠵᠠᠷ ᠤᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ

ᠠᠰᠢᠭᠯᠠᠭᠰᠠᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ

ᠳᠡᠭᠡᠭᠰᠢᠯᠡᠭᠦᠯᠦᠭᠰᠡᠨ᠂ ᠤᠰᠤᠨ ᠤ ᠡᠬᠢ ᠪᠠᠶᠠᠯᠢᠭ ᠢ ᠪᠣᠬᠢᠷᠳᠤᠯ ᠦᠭᠡᠢ ᠥᠨᠳᠥᠷ ᠪᠦᠲᠦᠮᠵᠢᠲᠡᠶ ᠠᠰᠢᠭᠯᠠᠬᠤ ᠶᠢ

ᠠᠬᠢᠭᠤᠯᠤᠭᠰᠠᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂ ᠪᠣᠷᠣᠳᠣᠬᠤᠢ ᠶᠢᠨ

ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠢᠨᠵᠧᠨᠧᠷᠢᠩ ᠪᠣᠯ ᠮᠢᠩᠭᠠᠨ ᠣᠨ ᠤ ᠰᠠᠭᠤᠷᠢ ᠦᠢᠯᠡᠰ ᠮᠥᠨ᠂ ᠮᠠᠰᠢ ᠶᠡᠭᠡ

ᠬᠦᠴᠦ ᠣᠷᠣᠭᠤᠯᠤᠭᠰᠠᠨ ᠪᠥᠭᠡᠳ ᠮᠠᠰᠢ ᠦᠨ᠎ᠡ ᠦᠷᠳᠡᠭ ᠲᠠᠢ ᠶᠤᠮ᠃ ᠦᠷᠭᠦᠯᠵᠢᠯᠡᠨ ᠲᠡᠭᠦᠯᠳᠡᠷᠵᠢᠭᠦᠯᠦᠨ

ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠤᠰᠤ ᠬᠤᠪᠢᠶᠠᠨ ᠲᠣᠬᠢᠷᠠᠭᠤᠯᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃

ᠡᠭᠦᠨ ᠤ ᠵᠡᠷᠭᠡ ᠪᠠᠷ ᠣᠷᠣᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠵᠤ᠂ ᠣᠯᠠᠨ ᠡᠰᠢᠵᠢᠭᠰᠡᠨ

ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠬᠦᠴᠦᠨ ᠤ ᠣᠷᠤᠯᠴᠠᠬᠤ ᠶᠢ ᠠᠯᠢ ᠴᠢᠳᠠᠬᠤ ᠪᠠᠷ

ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃

     6 ᠤ ᠦᠳᠡ ᠶᠢᠨ ᠬᠤᠶᠢᠨ᠎ᠠ᠂ ᠰᠢ ᠶᠢᠨ ᠫᠢᠩ ᠪᠠᠶᠠᠨᠨᠠᠭᠤᠷ ᠬᠤᠳᠠ ᠳᠤ ᠴᠦᠯᠯᠡᠷᠭᠡᠭᠵᠢᠯ ᠢ ᠶᠡᠷᠦᠩᠬᠡᠶᠢᠯᠡᠨ

ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ

ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ

ᠬᠤᠷᠠᠯᠳᠤᠭᠤᠯᠪᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠶᠢᠳ ᠸᠠᠩ ᠭᠤᠸᠠᠩ ᠬᠤᠸᠠ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠭᠠᠨᠰᠤ ᠮᠤᠵᠢ ᠶᠢᠨ ᠨᠠᠮ ᠤᠨ

ᠬᠤᠷᠢᠶ᠎ᠠ ᠶᠢᠨ ᠱᠦᠵᠢ ᠬᠤ᠋ ᠴᠠᠩ ᠱᠧᠩ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ ᠶᠢᠨ ᠱᠦᠵᠢ ᠯᠢᠶᠠᠩ ᠶᠠᠨ ᠱᠦᠨ ᠤᠷᠢᠳ ᠬᠤᠵᠢᠳ ᠦᠭᠡ ᠬᠡᠯᠡᠪᠡ᠃ ᠲᠥᠷᠥ ᠶᠢᠨ ᠶᠠᠪᠤᠳᠠᠯ ᠤᠨ

ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ᠂ ᠬᠤᠯᠪᠣᠭᠳᠠᠯ ᠪᠦᠬᠦᠢ ᠮᠤᠵᠢ ᠣᠷᠣᠨ ᠤ ᠬᠠᠷᠢᠭᠤᠴᠠᠯᠭᠠᠲᠠᠨ

ᠨᠥᠬᠦᠳ ᠪᠢᠴᠢᠭ ᠤᠨ ᠭᠡᠯᠪᠡᠷᠢ ᠪᠠᠷ ᠦᠭᠡ ᠬᠡᠯᠡᠪᠡ᠃

     ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ

ᠲᠥᠪ ᠬᠤᠷᠢᠶ᠎ᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂

ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠣᠯ ᠡᠭᠦᠷᠭᠡ ᠪᠤᠯᠭᠠᠵᠤ᠂

︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂

ᠲᠠᠷᠢᠶᠠᠯᠠᠬᠤ ᠶᠢ ᠵᠣᠭᠰᠣᠭᠠᠵᠤ ᠡᠪᠡᠰᠦ ᠮᠣᠳᠣ ᠲᠠᠷᠢᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ

ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠵᠠᠯᠭᠠᠭ᠎ᠠ ᠪᠠᠷ ᠬᠡᠷᠡᠭᠵᠢᠭᠦᠯᠪᠡ᠃ 40 ᠭᠠᠷᠤᠢ

ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ ᠮᠠᠨ ᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ

ᠵᠠᠰᠠᠬᠤ ᠠᠵᠢᠯ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠯᠤᠲᠤ ᠶᠡᠭᠡ ᠠᠮᠵᠢᠯᠲᠠ ᠣᠯᠵᠤ᠂ ᠭᠤᠣᠯᠳᠠᠯᠭ᠎ᠠ ᠲᠠᠢ

ᠵᠠᠰᠠᠯᠲᠠ ᠶᠢᠨ ᠣᠷᠣᠨ ᠨᠢ ︽ᠡᠯᠡᠰᠦ ᠤᠷᠤᠭᠰᠢᠯᠠᠵᠤ ᠬᠥᠮᠥᠨ ᠤᠬᠤᠷᠢᠬᠤ︾ ᠠᠴᠠ ︽ᠨᠣᠭᠤᠭᠠᠷᠠᠭᠤᠯᠤᠯᠲᠠ ᠤᠷᠤᠭᠰᠢᠯᠠᠵᠤ

ᠡᠯᠡᠰᠦ ᠤᠬᠤᠷᠢᠭᠰᠠᠨ︾ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠦ᠂ ᠠᠮᠢ ᠠᠬᠤᠢ ᠶᠢ ᠬᠠᠮᠠᠭᠠᠯᠠᠬᠤ ᠪᠠ

ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠰᠠᠶᠢᠨ ᠣᠷᠴᠢᠯ ᠳᠤ ᠣᠷᠣᠵᠤ᠂ ᠴᠦᠯᠯᠡᠷᠭᠡᠭᠵᠢᠭᠰᠡᠨ ᠣᠷᠣᠨ ᠪᠦᠰᠡ ᠶᠢᠨ

ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠮᠢ ᠠᠬᠤᠢ ᠶᠢᠨ ᠳᠦᠷᠰᠦ ᠪᠠᠶᠢᠳᠠᠯ ᠳᠤ ᠲᠡᠭᠷᠢ ᠭᠠᠵᠠᠷ ᠢ ᠳᠣᠩᠰᠣᠯᠭᠠᠮ᠎ᠠ

ᠬᠤᠪᠢᠷᠠᠯᠲᠠ ᠭᠠᠷᠴᠠᠢ᠃ ᠴᠦᠯᠯᠡᠷᠭᠡᠭᠵᠢᠯ ᠪᠠ ᠭᠠᠵᠠᠷ ᠰᠢᠷᠣᠢ ᠶᠢᠨ ᠡᠯᠡᠰᠦᠷᠬᠡᠭᠵᠢᠯ ᠤᠨ ︽ᠬᠤᠶᠠᠷ ᠢ ᠪᠠᠭᠠᠰᠬᠠᠬᠤ︾ ᠶᠢ

ᠪᠡᠶᠡᠯᠡᠭᠦᠯᠵᠦ᠂ ᠰᠠᠯᠬᠢ ᠡᠯᠡᠰᠦᠨ ᠤ ᠬᠤᠣᠷ ᠬᠥᠨᠥᠭᠡᠯ ᠪᠠ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠬᠤᠷᠢᠭᠯᠠᠵᠤ᠂

ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠡᠳᠦᠷ ᠢᠷᠡᠬᠦᠶ᠎ᠡ

ᠪᠦᠷᠢᠨᠰᠢᠵᠦ᠂ ᠪᠣᠬᠢᠷᠳᠤᠯ ᠦᠭᠡᠢ ᠪᠠᠷ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠢᠯᠡᠳᠲᠡ ᠪᠣᠯᠵᠤ᠂

︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠤᠶ ᠪᠤᠯᠭᠠᠵᠤ᠂ ᠠᠮᠢ ᠠᠬᠤᠢ ᠶᠢᠨ ᠵᠠᠰᠠᠯᠲᠠ ᠶᠢᠨ ᠣᠯᠠᠨ

ᠤᠯᠤᠰ ᠤᠨ ᠬᠡᠪ ᠳᠠᠭᠤᠷᠢᠶᠠᠯ ᠢ ᠪᠤᠶ ᠪᠣᠯᠭᠠᠪᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠯᠠᠩᠭᠤᠶ᠎ᠠ

︽ᠤᠮᠠᠷᠠᠲᠤ ᠶᠢᠨ ᠭᠤᠷᠪᠠᠨ ᠣᠷᠣᠨ︾ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ

ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠣᠯ ᠲᠦᠢᠯ ᠤᠨ ᠵᠥᠪ᠂ ᠲᠦᠢᠯ ᠤᠨ ᠬᠤᠯᠠ ᠶᠢᠨ ᠬᠠᠷᠠᠴᠠ ᠲᠠᠢ ᠭᠡᠳᠡᠭ ᠢ

ᠦᠢᠯᠡᠳᠦᠯᠭᠡ ᠭᠡᠷᠡᠴᠢᠯᠡᠵᠦ᠂ ᠮᠠᠨ ᠤ ᠤᠯᠤᠰ ᠪᠠᠶᠢᠭᠠᠯᠢ ᠶᠢᠨ ᠵᠢᠮ᠎ᠡ ᠶᠣᠰᠣᠨ ᠳᠤ ᠨᠡᠶᠢᠴᠡᠭᠰᠡᠨ᠂ ᠤᠯᠤᠰ ᠤᠨ ᠪᠠᠶᠢᠳᠠᠯ ᠭᠠᠵᠠᠷ

ᠣᠷᠣᠨ ᠤ ᠪᠠᠶᠢᠳᠠᠯ ᠳᠤ ᠨᠡᠶᠢᠴᠡᠭᠰᠡᠨ ᠳᠤᠮᠳᠠᠳᠤ ᠤᠯᠤᠰ ᠤᠨ ᠣᠨᠴᠠᠯᠢᠭ ᠲᠠᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ

ᠵᠠᠰᠠᠬᠤ ᠵᠠᠮ ᠢᠶᠠᠷ ᠵᠠᠮᠨᠠᠭᠰᠠᠨ ᠪᠠᠶᠢᠨ᠎ᠠ ᠭᠡᠵᠦ ᠴᠢᠬᠤᠯᠠᠴᠢᠯᠠᠪᠠ᠃

     ᠰᠢ ᠶᠢᠨ ᠫᠢᠩ᠂ ᠴᠦᠯᠯᠡᠷᠭᠡᠭᠵᠢᠯ ᠪᠣᠯ ᠬᠥᠮᠥᠨ ᠲᠥᠷᠥᠯᠬᠢᠲᠡᠨ ᠤ ᠣᠷᠣᠰᠢᠯ ᠲᠣᠭᠲᠠᠨᠢᠯ ᠪᠠ ᠬᠥᠭᠵᠢᠯᠲᠡ ᠶᠢ

ᠨᠥᠯᠥᠭᠡᠯᠡᠬᠦ ᠪᠦᠭᠦ ᠪᠥᠮᠪᠥᠷᠴᠡᠭ ᠤᠨ ᠴᠢᠨᠠᠷᠲᠠᠢ ᠴᠢᠬᠤᠯᠠ ᠶᠡᠭᠡ ᠠᠮᠢ ᠠᠬᠤᠢ ᠶᠢᠨ ᠠᠰᠠᠭᠤᠳᠠᠯ ᠪᠣᠯᠣᠨ᠎ᠠ᠃ ᠮᠠᠨ ᠤ ᠤᠯᠤᠰ

ᠪᠣᠯ ᠳᠡᠯᠡᠬᠡᠢ ᠳᠡᠭᠡᠷᠡᠬᠢ ᠴᠦᠯᠯᠡᠷᠭᠡᠭᠵᠢᠯ ᠬᠠᠮᠤᠭ ᠤᠨ ᠬᠦᠨᠳᠦ ᠨᠣᠴᠢᠲᠠᠢ ᠤᠯᠤᠰ ᠤᠨ ᠨᠢᠭᠡ ᠪᠣᠯᠣᠨ᠎ᠠ᠂ ᠴᠦᠯᠯᠡᠷᠭᠡᠭᠵᠢᠭᠰᠡᠨ

ᠭᠠᠵᠠᠷ ᠰᠢᠷᠣᠢ ᠭᠤᠣᠯᠳᠠᠭᠤ ᠤᠮᠠᠷᠠᠲᠤ ᠶᠢᠨ ᠭᠤᠷᠪᠠᠨ ᠣᠷᠣᠨ ᠢᠶᠠᠷ ᠲᠠᠷᠬᠠᠵᠤ ᠪᠠᠶᠢᠬᠤ ᠪᠥᠭᠡᠳ ᠴᠦᠯᠯᠡᠷᠭᠡᠭᠵᠢᠭᠰᠡᠨ ᠭᠠᠵᠠᠷ

ᠣᠷᠣᠨ ᠪᠣᠯᠣᠨ ᠠᠵᠤ ᠠᠬᠤᠢ ᠬᠥᠭᠵᠢᠭᠡᠳᠦᠢ ᠣᠷᠣᠨ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ

ᠣᠷᠣᠨ ᠵᠡᠷᠭᠡ ᠲᠠᠢ ᠳᠡᠭᠡᠳᠦ ᠬᠡᠮᠵᠢᠶ᠎ᠡ ᠪᠠᠷ ᠬᠤᠯᠪᠣᠯᠳᠤᠵᠤ ᠪᠠᠶᠢᠨ᠎ᠠ᠃ ᠴᠦᠯᠯᠡᠷᠭᠡᠭᠵᠢᠯ᠂ ᠰᠠᠯᠬᠢ ᠡᠯᠡᠰᠦᠨ ᠤ ᠬᠤᠣᠷ

ᠬᠥᠨᠥᠭᠡᠯ ᠪᠣᠯᠣᠨ ᠬᠥᠷᠥᠰᠥ ᠰᠢᠷᠣᠢ ᠶᠢᠨ ᠢᠳᠡᠭᠳᠡᠯ ᠠᠴᠠ ᠪᠣᠯᠤᠭᠰᠠᠨ ᠠᠮᠢ ᠠᠬᠤᠢ ᠶᠢᠨ ᠭᠠᠮᠰᠢᠭ ᠨᠢ ᠤᠮᠠᠷᠠᠲᠤ ᠶᠢᠨ

ᠭᠤᠷᠪᠠᠨ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ᠂ ᠳᠤᠮᠳᠠᠳᠤ ᠶᠢᠨ ᠦᠨᠳᠦᠰᠦᠲᠡᠨ ᠤ

ᠣᠷᠣᠰᠢᠯ ᠲᠣᠭᠲᠠᠨᠢᠯ᠂ ᠬᠥᠭᠵᠢᠯᠲᠡ ᠳᠤ ᠥᠷᠢᠰᠦᠯᠳᠦᠭᠡᠨ ᠪᠣᠯᠵᠤ ᠪᠠᠶᠢᠨ᠎ᠠ᠃ ᠣᠳᠣᠬᠠᠨ ᠳᠤ ᠮᠠᠨ ᠤ ᠤᠯᠤᠰ ᠤᠨ

ᠴᠦᠯᠯᠡᠷᠭᠡᠭᠵᠢᠭᠰᠡᠨ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠳᠤ ︽ᠪᠦᠬᠦᠯᠢ ᠴᠣᠭᠴᠠ ᠪᠠᠷ ᠰᠠᠶᠢᠵᠢᠷᠠᠵᠤ᠂

ᠰᠠᠶᠢᠵᠢᠷᠠᠯᠲᠠ ᠲᠦᠷᠭᠡᠳᠦᠭᠰᠡᠨ︾ ᠶᠡᠭᠡ ᠰᠠᠶᠢᠨ ᠪᠠᠶᠢᠳᠠᠯ ᠢᠯᠡᠷᠡᠵᠡᠢ᠂ ᠭᠡᠪᠡᠴᠦ ᠡᠯᠡᠰᠦᠷᠬᠡᠭᠵᠢᠭᠰᠡᠨ ᠭᠠᠵᠠᠷ ᠰᠢᠷᠣᠢ ᠶᠢᠨ

ᠲᠠᠯᠠᠪᠠᠢ ᠶᠡᠭᠡ᠂ ᠲᠠᠷᠬᠠᠯᠲᠠ ᠥᠷᠭᠡᠨ᠂ ᠬᠡᠮᠵᠢᠶ᠎ᠡ ᠬᠦᠨᠳᠦ ᠨᠣᠴᠢᠲᠠᠢ᠂ ᠵᠠᠰᠠᠯᠲᠠ ᠬᠦᠴᠢᠷ ᠪᠠᠶᠢᠬᠤ ᠦᠨᠳᠦᠰᠦᠨ ᠪᠠᠶᠢᠳᠠᠯ ᠢ

ᠬᠠᠷᠠᠬᠠᠨ ᠦᠨᠳᠦᠰᠦᠨ ᠠᠴᠠ ᠨᠢ ᠬᠤᠪᠢᠷᠠᠭᠤᠯᠵᠤ ᠳᠡᠶᠢᠯᠦᠭᠡᠳᠦᠢ ᠪᠠᠶᠢᠨ᠎ᠠ᠃ ᠡᠨᠡ ᠬᠤᠶᠠᠷ ᠵᠢᠯ ᠳᠤ᠂ ᠠᠭᠤᠷ ᠠᠮᠢᠰᠬᠤᠯ ᠤᠨ

ᠬᠤᠪᠢᠷᠠᠯᠲᠠ ᠶᠢᠨ ᠬᠡᠪ ᠤᠨ ᠪᠤᠰᠤ ᠨᠥᠯᠥᠭᠡ ᠠᠴᠠ ᠪᠣᠯᠵᠤ᠂ ᠮᠠᠨ ᠤ ᠤᠯᠤᠰ ᠤᠨ ᠤᠮᠠᠷᠠᠲᠤ ᠣᠷᠣᠨ ᠤ ᠡᠯᠡᠰᠦ

ᠲᠣᠭᠤᠰᠣ ᠲᠠᠢ ᠡᠳᠦᠷ ᠤᠨ ᠲᠤᠭ᠎ᠠ ᠡᠳᠦᠢ ᠲᠡᠳᠦᠢ ᠨᠡᠮᠡᠭᠳᠡᠪᠡ᠃ ᠮᠠᠨ ᠤ ᠤᠯᠤᠰ ᠤᠨ ᠴᠦᠯᠯᠡᠷᠭᠡᠭᠵᠢᠯ ᠢ ᠰᠡᠷᠭᠡᠶᠢᠯᠡᠨ

ᠵᠠᠰᠠᠬᠤ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠪᠠᠶᠢᠳᠠᠯ ᠮᠥᠨ ᠬᠦ ᠬᠦᠨᠳᠦ ᠨᠣᠴᠢᠲᠠᠢ

ᠪᠠᠶᠢᠬᠤ ᠶᠢ ᠪᠣᠳᠠᠲᠤ ᠪᠠᠶᠢᠳᠠᠯ ᠬᠠᠷᠠᠭᠤᠯᠵᠤ ᠪᠠᠶᠢᠨ᠎ᠠ᠃ ᠪᠢᠳᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ

ᠤᠷᠲᠤ ᠬᠤᠭᠤᠴᠠᠭᠠᠲᠤ ᠴᠢᠨᠠᠷ᠂ ᠬᠠᠲᠠᠭᠤ ᠪᠡᠷᠬᠡ ᠴᠢᠨᠠᠷ᠂ ᠳᠠᠭᠢᠨ ᠳᠠᠪᠲᠠᠬᠤ ᠴᠢᠨᠠᠷ ᠪᠣᠯᠣᠨ ᠲᠣᠬᠲᠠᠭᠠᠯᠲᠦ ᠪᠤᠰᠤ ᠴᠢᠨᠠᠷ ᠢ

ᠭᠦᠢᠴᠡᠳ ᠲᠠᠨᠢᠵᠤ᠂ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭᠠᠲᠤ ᠪᠤᠳᠤᠯ ᠪᠣᠯᠣᠨ

ᠪᠠᠴᠢᠮ ᠲᠤᠯᠭᠠᠮ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

     ᠰᠢ ᠶᠢᠨ ᠫᠢᠩ᠂ 2021 — 2030 ᠣᠨ ᠪᠣᠯ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ

ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠪᠣᠯᠣᠨ᠎ᠠ᠂

ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠠᠩᠭᠢᠯᠠᠭ᠎ᠠ ᠶᠢᠨ

ᠬᠤᠭᠤᠴᠠᠭ᠎ᠠ ᠪᠣᠯᠣᠨ᠎ᠠ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠪᠣᠯᠣᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ

ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ

ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ

ᠪᠠᠷᠢᠮᠲᠠᠯᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠᠷ ᠭᠤᠣᠯ ᠰᠢᠪᠲᠤᠯᠬᠤ ᠴᠢᠭᠯᠡᠯ ᠪᠤᠯᠭᠠᠵᠤ᠂

ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠠᠷ ᠦᠨᠳᠦᠰᠦᠨ ᠬᠠᠷᠠᠯᠲᠠ

ᠪᠤᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠬᠤᠣᠷ ᠬᠥᠨᠥᠭᠡᠯ ᠢ ᠦᠨᠳᠦᠰᠦᠯᠡᠨ ᠰᠡᠷᠭᠡᠶᠢᠯᠡᠯᠲᠡ ᠬᠢᠵᠦ᠂

ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ

ᠴᠢᠩᠭᠠᠳᠬᠠᠵᠤ᠂ ᠭᠤᠣᠯᠳᠠᠯᠭ᠎ᠠ ᠲᠠᠢ ᠵᠠᠰᠠᠯᠲᠠ ᠶᠢ ᠲᠤᠪᠤᠶᠢᠯᠭᠠᠵᠤ᠂ ᠡᠯ᠎ᠡ ᠲᠠᠯ᠎ᠠ ᠶᠢᠨ ᠢᠳᠡᠪᠬᠢᠵᠢᠯ ᠢ ᠲᠠᠶᠢᠴᠢᠯᠠᠵᠤ᠂ 10 ᠵᠢᠯ

ᠰᠢᠬᠠᠮ ᠤᠨ ᠴᠠᠭ ᠢ ᠬᠡᠷᠡᠭᠰᠡᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ

ᠳᠠᠶᠢᠯᠠᠯᠳᠤᠭᠠᠨ ᠢ ᠬᠢᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ

ᠴᠢᠳᠠᠮᠵᠢ ᠪᠦᠷᠢᠨ ᠲᠡᠭᠦᠯᠳᠡᠷ᠂ ᠡᠪᠳᠡᠷᠡᠰᠢ ᠦᠭᠡᠢ ᠪᠠᠲᠤ ᠤᠮᠠᠷᠠᠲᠤ ᠶᠢᠨ ᠨᠣᠭᠤᠭᠠᠨ ᠤᠷᠳᠤ ᠴᠠᠭᠠᠨ ᠬᠡᠷᠡᠮ᠂ ᠠᠮᠢ

ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠰᠢ ᠶᠢᠨ ᠫᠢᠩ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ

ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ

ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠭᠡᠭ ᠭᠠᠵᠠᠷ ᠤᠨ

ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠵᠦ᠂ ᠡᠯᠡᠰᠦ ᠶᠢ ᠵᠠᠰᠠᠬᠤ᠂ ᠤᠰᠤ ᠶᠢ ᠵᠠᠰᠠᠬᠤ᠂

ᠠᠭᠤᠯᠠ ᠶᠢ ᠵᠠᠰᠠᠬᠤ ᠪᠦᠭᠦ ᠡᠯᠧᠮᠧᠨ᠋ᠲ ᠤᠨ ᠵᠣᠬᠢᠴᠠᠭᠤᠯᠭ᠎ᠠ ᠪᠠ ᠬᠠᠮᠢᠶᠠᠷᠤᠯᠲᠠ ᠶᠢ ᠴᠢᠩᠭᠠᠳᠬᠠᠵᠤ᠂ ᠡᠷᠡᠭᠦᠯ ᠲᠣᠭᠲᠠᠭᠤᠨ᠂

ᠴᠢᠳᠠᠮᠵᠢ ᠪᠦᠷᠢᠨ ᠲᠡᠭᠦᠯᠳᠡᠷ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠭᠡᠭ ᠭᠠᠵᠠᠷ ᠤᠨ ᠠᠮᠢ ᠠᠬᠤᠢ ᠶᠢᠨ

ᠰᠢᠰᠲ᠋ᠧᠮ ᠢ ᠬᠦᠴᠦᠯᠡᠨ ᠪᠤᠶᠢᠵᠢᠭᠤᠯᠬᠤ ᠬᠡᠷᠡᠭᠲᠡᠢ᠃ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ

ᠵᠠᠰᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠣᠷᠣᠨ ᠤ ᠵᠠᠭᠠᠭ ᠬᠢᠵᠠᠭᠠᠷ ᠢ ᠡᠪᠳᠡᠵᠦ᠂ ᠡᠯᠡᠰᠦᠨ ᠴᠦᠯ ᠤᠨ ᠭᠦᠪᠡᠭᠡ

ᠬᠢᠵᠠᠭᠠᠷ ᠪᠠ ᠬᠡᠪᠡᠯᠢ ᠭᠠᠵᠠᠷ᠂ ᠰᠠᠯᠬᠢᠨ ᠤ ᠳᠡᠭᠡᠳᠦ ᠠᠮᠠ ᠪᠠ ᠰᠠᠯᠬᠢᠨ ᠤ ᠳᠣᠣᠷᠠᠳᠤ ᠬᠤᠩᠭᠢᠯ᠂ ᠡᠯᠡᠰᠦᠨ ᠤ ᠡᠭᠦᠰᠦᠯ

ᠣᠷᠣᠨ ᠪᠠ ᠥᠩᠭᠡᠷᠡᠬᠦ ᠣᠷᠣᠨ ᠢ ᠨᠢᠭᠡᠳᠦᠯᠲᠡᠢ ᠲᠥᠯᠥᠪᠵᠢᠭᠦᠯᠵᠦ᠂ ᠴᠡᠭ ᠱᠤᠭᠤᠮ ᠨᠡᠶᠢᠳᠡᠮ ᠢ ᠤᠶᠠᠯᠳᠤᠭᠤᠯᠤᠭᠰᠠᠨ ᠠᠮᠢ

ᠠᠬᠤᠢ ᠶᠢᠨ ᠬᠠᠮᠠᠭᠠᠯᠠᠯᠲᠠ ᠶᠢᠨ ᠲᠣᠣᠷ ᠢ ᠪᠠᠶᠢᠭᠤᠯᠬᠤ ᠬᠡᠷᠡᠭᠲᠡᠢ᠃ ᠲᠠᠷᠢᠶᠠᠯᠠᠩ ᠤᠢ ᠰᠢᠭᠤᠢ ᠮᠠᠯ ᠠᠵᠤ ᠠᠬᠤᠢ ᠶᠢᠨ ᠭᠠᠵᠠᠷ

ᠰᠢᠷᠣᠢ ᠶᠢᠨ ᠠᠰᠢᠭᠯᠠᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ

ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠬᠡᠷᠡᠭᠵᠢᠭᠦᠯᠵᠦ᠂ ᠴᠢᠬᠤᠯᠠ ᠪᠦᠬᠦᠢ ᠠᠮᠢ ᠠᠬᠤᠢ ᠶᠢᠨ ᠣᠷᠣᠨ ᠵᠠᠢ ᠶᠢ

ᠭᠦᠢᠴᠡᠳ ᠦᠯᠡᠳᠡᠭᠡᠵᠦ᠂ ᠭᠢᠯᠪᠠᠷ ᠪᠤᠰᠤ ᠪᠠᠷ ᠢᠷᠡᠭᠰᠡᠨ ᠨᠤᠲᠤᠭ ᠪᠡᠯᠴᠢᠭᠡᠷ᠂ ᠤᠢ ᠰᠢᠭᠤᠢ ᠶᠢ ᠰᠠᠶᠢᠲᠤᠷ ᠬᠠᠮᠠᠭᠠᠯᠠᠬᠤ

ᠬᠡᠷᠡᠭᠲᠡᠢ ᠭᠡᠵᠦ ᠵᠢᠭᠠᠵᠤ ᠭᠠᠷᠭᠠᠪᠠ᠃

     ᠰᠢ ᠶᠢᠨ ᠫᠢᠩ᠂ ᠵᠠᠰᠠᠯᠲᠠ ᠶᠢᠨ ᠭᠤᠣᠯᠳᠠᠯᠭ᠎ᠠ ᠶᠢ ᠳᠣᠪᠤᠶᠢᠯᠭᠠᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ

ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠠᠲᠤᠨ ᠭᠤᠣᠯ ᠤᠨ ︽ᠲᠣᠬᠤᠢ︾ ᠶᠢᠨ ᠪᠣᠭᠤᠮᠲᠠ

ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠤᠤᠠᠤᠰᠤ ᠶᠢᠨ ᠡᠯᠡᠰᠦᠷᠬᠡᠭ ᠭᠠᠵᠠᠷ᠂

ᠬᠥᠪᠴᠢ ᠶᠢᠨ ᠡᠯᠡᠰᠦ᠂ ᠠᠯᠠᠱᠠ ᠠᠭᠤᠯᠠ ᠵᠡᠷᠭᠡ ᠪᠠᠷ ᠭᠤᠣᠯᠳᠠᠯᠭ᠎ᠠ ᠪᠤᠯᠭᠠᠵᠤ᠂ ᠣᠷᠣᠨ ᠪᠦᠰᠡ ᠶᠢᠨ ᠴᠢᠨᠠᠷᠲᠠᠢ

ᠰᠢᠰᠲ᠋ᠧᠮ ᠲᠠᠢ ᠵᠠᠰᠠᠬᠤ ᠲᠥᠷᠥᠯ ᠵᠦᠢᠯ ᠢ ᠪᠦᠭᠦ ᠲᠠᠯ᠎ᠠ ᠪᠠᠷ ᠬᠡᠷᠡᠭᠵᠢᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ

ᠵᠠᠰᠠᠯᠲᠠ ᠶᠢ ᠲᠦᠷᠭᠡᠳᠬᠡᠵᠦ᠂ ᠪᠣᠷᠣᠳᠣᠬᠤᠢ ᠶᠢᠨ ᠲᠠᠯ᠎ᠠ ᠭᠠᠵᠠᠷ ᠤᠨ ᠭᠤᠣᠯ ᠮᠥᠷᠡᠨ ᠨᠠᠭᠤᠷ ᠪᠦᠷᠢᠳᠦ ᠨᠤᠭᠤ ᠭᠠᠵᠠᠷ

ᠪᠣᠯᠣᠨ ᠪᠠᠶᠢᠭᠠᠯᠢᠯᠢᠭ ᠪᠡᠯᠴᠢᠭᠡᠷ ᠢ ᠬᠠᠮᠠᠭᠠᠯᠠᠨ ᠰᠡᠷᠭᠦᠭᠡᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ

ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠬᠤᠷᠴᠢᠨ᠂ ᠬᠤᠯᠠᠨ ᠰᠢᠷᠭ᠎ᠠ

ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠬᠤᠯᠠ

ᠶᠡᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ

ᠪᠠᠶᠢᠷᠢᠯᠠᠭᠤᠯᠵᠤ᠂ ᠬᠦᠴᠦᠨ ᠢᠶᠠᠨ ᠲᠥᠪᠯᠡᠷᠡᠭᠦᠯᠦᠨ ᠡᠯᠡᠰᠦ ᠮᠠᠩᠬ᠎ᠠ ᠶᠢ ᠰᠥᠨᠥᠭᠡᠬᠦ ᠳᠠᠶᠢᠯᠠᠯᠳᠤᠭᠠᠨ ᠬᠢᠬᠦ ᠬᠡᠷᠡᠭᠲᠡᠢ᠃ ᠾᠧ

ᠰᠢ ᠶᠢᠨ ᠬᠤᠩᠬᠢᠯ — ᠲᠠᠺᠯᠢᠮᠠᠺᠠᠨ ᠡᠯᠡᠰᠦᠨ ᠴᠦᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ

ᠪᠦᠭᠦ ᠬᠦᠴᠦ ᠪᠠᠷ ᠢᠶᠠᠨ ᠰᠠᠶᠢᠲᠤᠷ ᠬᠢᠵᠦ᠂ ᠴᠢ ᠯᠢᠶᠠᠨ ᠱᠠᠨ ᠠᠭᠤᠯᠠ᠂ ᠲᠡᠭᠷᠢ ᠠᠭᠤᠯᠠ᠂ ᠠᠯᠲᠠᠢ ᠠᠭᠤᠯᠠ᠂ ᠾᠧ ᠯᠠᠨ ᠱᠠᠨ

ᠠᠭᠤᠯᠠ᠂ ᠯᠢᠦ ᠫᠠᠨ ᠱᠠᠨ ᠠᠭᠤᠯᠠ ᠵᠡᠷᠭᠡ ᠣᠷᠣᠨ ᠪᠦᠰᠡ ᠶᠢᠨ ᠪᠠᠶᠢᠭᠠᠯᠢ ᠶᠢᠨ ᠤᠢ ᠮᠣᠳᠣ ᠡᠪᠡᠰᠦ ᠤᠷᠭᠤᠮᠠᠯ ᠤᠨ

ᠪᠦᠷᠬᠦᠴᠡ ᠶᠢ ᠪᠢᠲᠡᠭᠦᠮᠵᠢᠯᠡᠨ ᠣᠶᠢᠵᠢᠭᠤᠯᠵᠤ ᠬᠠᠮᠠᠭᠠᠯᠠᠬᠤ ᠶᠢ ᠪᠦᠭᠦ ᠬᠦᠴᠦ ᠪᠠᠷ ᠢᠶᠠᠨ ᠰᠠᠶᠢᠲᠤᠷ ᠠᠳᠬᠤᠵᠤ᠂

ᠲᠠᠴᠢᠷᠳᠠᠭᠰᠠᠨ ᠤᠢ ᠰᠢᠭᠤᠢ ᠪᠠ ᠲᠠᠴᠢᠷᠳᠠᠭᠰᠠᠨ ᠪᠡᠯᠴᠢᠭᠡᠷ ᠢ ᠰᠡᠷᠭᠦᠭᠡᠨ ᠵᠠᠰᠠᠬᠤ ᠶᠢ ᠴᠢᠩᠭᠠᠳᠬᠠᠵᠤ᠂ ᠡᠯᠡᠰᠦᠨ ᠤ

ᠡᠬᠢ ᠶᠢᠨ ᠦᠯᠦ ᠶᠡᠬᠡᠳᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠰᠢ ᠶᠢᠨ ᠫᠢᠩ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ ᠶᠢ ᠪᠠᠷᠢᠮᠲᠠᠯᠠᠵᠤ᠂ ᠴᠦᠯᠯᠡᠷᠭᠡᠭ ᠭᠠᠵᠠᠷ ᠤᠨ ᠠᠮᠢ

ᠠᠬᠤᠢ ᠶᠢᠨ ᠰᠢᠰᠲ᠋ᠧᠮ ᠤᠨ ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃

ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠵᠤ᠂ ᠤᠰᠤᠨ ᠤ ᠬᠡᠮᠵᠢᠶ᠎ᠡ ᠪᠠᠷ ᠨᠣᠭᠤᠭᠠᠷᠠᠭᠤᠯᠤᠯᠲᠠ ᠶᠢ ᠲᠣᠭᠲᠠᠭᠠᠵᠤ᠂

ᠤᠰᠤᠨ ᠤ ᠬᠡᠮᠵᠢᠶ᠎ᠡ ᠪᠠᠷ ᠭᠠᠵᠠᠷ ᠲᠠᠷᠢᠶ᠎ᠠ ᠶᠢ ᠲᠣᠭᠲᠠᠭᠠᠵᠤ᠂ ᠤᠰᠤᠨ ᠤ ᠬᠡᠮᠵᠢᠶ᠎ᠡ ᠪᠠᠷ ᠬᠤᠳᠠ ᠶᠢᠨ ᠬᠥᠮᠥᠨ ᠠᠮᠠ ᠶᠢᠨ

ᠳᠠᠭᠠᠭᠠᠴᠠ ᠶᠢ ᠲᠣᠭᠲᠠᠭᠠᠵᠤ᠂ ᠤᠰᠤᠨ ᠤ ᠬᠡᠮᠵᠢᠶ᠎ᠡ ᠪᠠᠷ ᠦᠢᠯᠡᠳᠪᠦᠷᠢᠯᠡᠯ ᠢ ᠲᠣᠭᠲᠠᠭᠠᠵᠤ᠂ ᠤᠰᠤᠨ ᠤ ᠡᠬᠢ ᠪᠠᠶᠠᠯᠢᠭ ᠢᠶᠠᠷ

ᠬᠠᠮᠤᠭ ᠤᠨ ᠴᠢᠩᠭ᠎ᠠ ᠬᠢᠵᠠᠭᠠᠷᠯᠠᠯ ᠪᠤᠯᠭᠠᠵᠤ᠂ ᠤᠰᠤ ᠠᠷᠪᠢᠯᠠᠬᠤ ᠤᠢ ᠰᠢᠭᠤᠢ ᠡᠪᠡᠰᠦ ᠪᠡᠯᠴᠢᠭᠡᠷ ᠢ ᠶᠡᠭᠡ ᠪᠠᠷ ᠬᠥᠭᠵᠢᠭᠦᠯᠬᠦ

ᠬᠡᠷᠡᠭᠲᠡᠢ᠃ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠣᠶ ᠮᠣᠳᠣ

ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠲᠥᠷᠥᠯ ᠭᠡᠯᠪᠡᠷᠢ ᠪᠣᠯᠣᠨ ᠨᠢᠭᠲᠠᠴᠠ ᠶᠢ ᠵᠦᠢ ᠵᠣᠬᠢᠰᠲᠠᠢ ᠲᠣᠬᠢᠷᠠᠭᠤᠯᠤᠨ᠂

ᠲᠣᠷᠤᠭ ᠮᠣᠳᠣ ᠪᠤᠲᠠ ᠮᠣᠳᠣ ᠡᠪᠡᠰᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠠᠯᠬᠢ ᠶᠢ ᠬᠠᠯᠬᠠᠯᠠᠵᠤ ᠡᠯᠡᠰᠦ ᠶᠢ

ᠲᠣᠭᠲᠠᠪᠤᠷᠢᠵᠢᠭᠤᠯᠬᠤ ᠣᠶ ᠶᠢᠨ ᠲᠣᠣᠷ᠂ ᠣᠶ ᠶᠢᠨ ᠪᠦᠰᠡ ᠵᠢᠴᠢ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ

ᠡᠯᠡᠰᠦᠨ ᠴᠥᠯ ᠤᠨ ᠭᠦᠪᠡᠭᠡ ᠵᠠᠬ᠎ᠠ ᠶᠢ ᠴᠢᠳᠦᠷᠯᠡᠬᠦ ᠣᠶ ᠰᠢᠭᠤᠢ ᠡᠪᠡᠰᠦᠨ ᠤ ᠪᠦᠰᠡ ᠵᠡᠷᠭᠡ ᠶᠢ ᠪᠠᠶᠢᠭᠤᠯᠬᠤ ᠬᠡᠷᠡᠭᠲᠡᠢ᠃

ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠶᠠᠪᠤᠭᠳᠠᠭᠤᠰᠢᠲᠠᠢ ᠵᠠᠰᠠᠬᠤ ᠵᠠᠭᠪᠤᠷ ᠢ ᠰᠢᠨᠵᠢᠯᠡᠬᠦ ᠤᠬᠠᠭᠠᠨᠴᠢ ᠪᠠᠷ

ᠳᠡᠯᠭᠡᠷᠡᠭᠦᠯᠦᠨ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

     ᠰᠢ ᠶᠢᠨ ᠫᠢᠩ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ︽ᠤᠯᠠᠨ

ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ︾ ᠶᠢ

ᠭᠦᠢᠴᠡᠳᠬᠡᠵᠦ᠂ ᠪᠦᠭᠦ ᠪᠥᠮᠪᠥᠷᠴᠡᠭ ᠤᠨ ᠴᠦᠯᠯᠡᠷᠭᠡᠭᠵᠢᠯ ᠤᠨ ᠣᠷᠴᠢᠨ ᠲᠣᠭᠤᠷᠢᠨ ᠤ ᠵᠠᠰᠠᠯᠲᠠ ᠳᠤ ᠢᠳᠡᠪᠬᠢᠲᠡᠢ

ᠣᠷᠣᠯᠴᠠᠵᠤ᠂ ᠡᠷᠭᠢᠨ ᠲᠣᠭᠤᠷᠢᠨ ᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠭᠤᠣᠯᠳᠠᠯᠭ᠎ᠠ ᠲᠠᠢ ᠴᠢᠩᠭᠠᠳᠬᠠᠵᠤ᠂ ︽ᠨᠢᠭᠡ

ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ

ᠳᠡᠮᠵᠢᠵᠦ᠂ ᠡᠯ᠎ᠡ ᠤᠯᠤᠰ ᠤᠨ ᠲᠦᠷᠦ ᠶᠢᠨ ᠪᠣᠳᠣᠯᠭ᠎ᠠ ᠶᠢᠨ ᠶᠠᠷᠢᠯᠴᠠᠭ᠎ᠠ ᠥᠷᠨᠢᠭᠦᠯᠬᠦ ᠪᠠ ᠮᠡᠳᠡᠭᠡ ᠵᠠᠩᠭᠢ ᠶᠢ ᠬᠠᠮᠲᠤ ᠪᠠᠷ

ᠡᠳ᠋ᠯᠡᠬᠦ ᠶᠢ ᠬᠥᠲᠥᠯᠥᠨ ᠳᠠᠭᠠᠭᠤᠯᠵᠤ᠂ ᠡᠯᠡᠰᠦᠨ ᠰᠢᠭᠤᠷᠭ᠎ᠠ ᠶᠢᠨ ᠭᠠᠮᠰᠢᠭ ᠲᠠᠢ ᠴᠠᠭ ᠠᠭᠤᠷ ᠢ ᠬᠠᠮᠲᠤ ᠪᠠᠷ ᠠᠷᠭᠠᠴᠠᠭᠠᠬᠤ

ᠬᠡᠷᠡᠭᠲᠡᠢ ᠭᠡᠵᠦ ᠴᠢᠬᠤᠯᠠᠴᠢᠯᠠᠪᠠ᠃

     ᠰᠢ ᠶᠢᠨ ᠫᠢᠩ ᠡᠴᠦᠰ ᠲᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠬᠡᠷᠡᠭᠵᠢᠭᠦᠯᠬᠦ ᠪᠣᠯ

ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠮᠥᠨ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠪᠦᠭᠦ ᠲᠠᠯ᠎ᠠ ᠪᠠᠷ

ᠴᠢᠩᠭᠠᠳᠬᠠᠵᠤ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂

ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠲᠦᠷᠦ ᠶᠢᠨ

ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠨᠢᠭᠡᠳᠦᠯᠲᠡᠢ

ᠲᠥᠯᠥᠪᠵᠢᠭᠦᠯᠦᠨ ᠵᠢᠯᠤᠭᠤᠳᠴᠤ᠂ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠵᠣᠬᠢᠴᠠᠭᠤᠯᠤᠨ ᠠᠬᠢᠭᠤᠯᠬᠤ ᠬᠡᠷᠡᠭᠲᠡᠢ᠃

︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠯᠡ ᠮᠥᠩᠭᠦ ᠶᠢᠨ ᠳᠡᠮᠵᠢᠯᠭᠡ ᠪᠣᠯᠣᠨ ᠲᠥᠷᠥ ᠶᠢᠨ

ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮ ᠢ ᠪᠦᠷᠢᠨᠰᠢᠭᠦᠯᠵᠦ᠂ ᠲᠣᠭᠲᠠᠭᠤᠨ ᠢᠶᠠᠷ ᠦᠷᠭᠦᠯᠵᠢᠯᠡᠨ ᠣᠷᠣᠭᠤᠯᠤᠯᠲᠠ ᠬᠢᠬᠦ

ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠠᠶᠢᠯᠳᠤᠬᠤ

ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂

ᠨᠢᠭᠡ ᠨᠢᠭᠡ ᠦᠶ᠎ᠡ ᠪᠠᠷ ᠵᠠᠯᠭᠠᠨ ᠬᠢᠵᠦ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ

ᠪᠦᠲᠦᠭᠡᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ

ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ

ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ

ᠣᠷᠣᠯᠴᠠᠪᠠ᠃

     ᠯᠢ ᠭᠠᠨ ᠵᠢᠶᠧ ᠨᠠᠷ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠤ᠂

ᠾᠧ ᠯᠢ ᠹᠧᠩ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠮᠠ ᠰᠢᠩ ᠷᠦᠢ ᠵᠢᠴᠢ ᠲᠥᠪ ᠤᠨ ᠪᠠ ᠲᠥᠷᠥ ᠶᠢᠨ

ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠦᠬᠦᠢ ᠮᠤᠵᠢ

ᠣᠷᠣᠨ ᠤ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ᠃

 
ᠢᠷᠡᠯᠲᠡ᠄ ᠥᠪᠦᠷ ᠮᠣᠩᠭᠣᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号