ᠮᠠᠨ ᠤ ᠬᠤᠲᠠ 2023 ᠣᠨ ᠤ ︽ᠬᠠᠶ ᡁᠢ ᠲᠤᠰᠬᠠᠶ ᠮᠡᠷᠭᠡᠵᠢᠯᠲᠡᠨ ᠤ ᠠᠶᠠᠯᠠᠯ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/9
     6 ᠰᠠᠷ᠎ᠠ ᠶᠢᠨ 8 ᠤ ᠡᠳᠦᠷ᠂ ᠮᠠᠨ ᠤ ᠬᠤᠲᠠ 2023 ᠣᠨ ᠤ ︽ᠬᠠᠶ ᡁᠢ ᠲᠤᠰᠬᠠᠶ ᠮᠡᠷᠭᠡᠵᠢᠯᠲᠡᠨ ᠤ ᠠᠶᠠᠯᠠᠯ︾ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠨᠢ ᠬᠤᠶᠠᠷ ᠡᠳᠦᠷ ᠶᠠᠪᠤᠭᠳᠠᠨ᠎ᠠ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠡᠷᠳᠡᠮᠲᠡᠨ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠲᠦᠬᠦᠭᠡᠷᠦᠮᠵᠢᠲᠦ ᠲᠠᠷᠢᠶᠠᠯᠠᠩ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠶᠠᠷᠢᠯᠴᠠᠨ ᠰᠣᠯᠢᠯᠴᠠᠬᠤ᠂ ᠣᠨᠣᠯ ᠤᠨ ᠪᠣᠯᠪᠠᠰᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠲᠠᠷᠢᠶᠠᠯᠠᠩ ᠤᠨ ᠠᠵᠤ ᠠᠬᠤᠶᠢᠯᠠᠯ ᠳᠤ ᠪᠣᠳᠠᠲᠠᠶ ᠠᠰᠠᠭᠤᠳᠠᠯ ᠢ ᠨᠢ ᠰᠢᠢᠳᠪᠦᠷᠢᠯᠡᠵᠦ ᠥᠭᠬᠦ ᠶᠢᠨ ᠬᠠᠮᠲᠤ ᠲᠠᠷᠢᠶᠠᠯᠠᠩ ᠤᠨ ᠠᠵᠤ ᠠᠬᠤᠶᠢᠯᠠᠯ ᠤᠨ ᠬᠥᠭᠵᠢᠯᠲᠡ ᠳᠤ ᠵᠢᠯᠣᠭᠤᠳᠬᠤ ᠰᠠᠨᠠᠯ ᠳᠤᠷᠠᠳᠪᠠ᠃      ᠳᠠᠷᠠᠭᠠᠴᠢ ᠶᠢᠨ ᠠᠯᠬᠤᠮ ᠳᠤ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠮᠠᠨ ᠤ ᠬᠤᠳᠠ ᠶᠢᠨ ᠲᠠᠷᠢᠶᠠᠯᠠᠩ ᠤᠨ ᠬᠥᠭᠵᠢᠯᠲᠡ ᠶᠢᠨ ᠣᠨᠴᠠᠯᠢᠭ ᠲᠤ ᠴᠢᠭᠯᠡᠭᠦᠯᠦᠨ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠲᠠᠢ ᠢᠳᠡᠪᠬᠢᠲᠡᠢ ᠵᠣᠯᠭᠠᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠭᠡᠵᠦ᠂ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠮᠵᠢᠯᠭᠡ ᠬᠠᠩᠭᠠᠬᠤ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号