ᠮᠠᠨ ᠤ ᠬᠤᠲᠠ 2023 ᠣᠨ ᠤ ᠴᠡᠷᠢᠭ ᠡᠯᠰᠡᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/9
     6 ᠰᠠᠷ᠎ᠠ ᠶᠢᠨ 8 ᠤ ᠡᠳᠦᠷ᠂ 2023 ᠣᠨ ᠤ ᠴᠡᠷᠢᠭ ᠡᠯᠰᠡᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠿᠤᠤ ᠴᠥᠩ ᠱᠦ᠂ ᠬᠤᠳᠠ ᠶᠢᠨ ᠳᠡᠳ᠋ ᠳᠠᠷᠤᠭ᠎ᠠ ᠭᠤᠤ ᠪᠥᠸᠧ᠂ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠢᠶᠣᠤ ᠲᠢᠶᠠᠨ ᠹᠧᠩ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠿᠣᠣ ᠴᠥᠩ ᠱᠤ᠋ ︽ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠳᠤ ᠲᠠ ᠨᠠᠷ ᠱᠠᠭᠠᠷᠳᠠᠭᠳᠠᠨ᠎ᠠ︾ ︽ᠴᠡᠷᠢᠭ ᠲᠤ ᠮᠤᠷᠳᠠᠵᠦ ᠤᠯᠤᠰ ᠲᠠᠭᠠᠨ ᠭᠠᠪᠢᠶ᠎ᠠ ᠪᠠᠶᠢᠭᠤᠯᠰᠣᠭᠠᠢ︾ ︽ᠪᠢᠴᠢᠭ ᠴᠡᠷᠢᠭ ᠤᠨ ᠡᠷᠳᠡᠮ ᠳᠤ ᠴᠠᠭᠠᠷᠠᠵᠤ ᠵᠠᠯᠠᠭᠤ ᠨᠠᠰᠣᠨ ᠳᠠᠭᠠᠨ ᠦᠯᠦ ᠣᠰᠣᠯᠳᠣᠶ᠎ᠠ︾ ᠭᠡᠬᠦ ᠭᠤᠷᠪᠠᠨ ᠲᠠᠯ᠎ᠠ ᠶᠢᠨ ᠲᠣᠭᠤᠷᠢᠨ ᠳᠤ᠂ ᠴᠡᠷᠢᠭ ᠡᠯᠰᠡᠬᠦ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠭᠦᠨᠵᠡᠭᠡᠢ ᠲᠠᠶᠢᠯᠪᠤᠷᠢᠯᠠᠪᠠ᠃ ᠡᠭᠦᠨ ᠤ ᠬᠠᠮᠲᠤ᠂ ᠥᠷᠭᠡᠨ ᠣᠯᠠᠨ ᠵᠠᠯᠠᠭᠤ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠢᠳᠡᠪᠬᠢᠲᠡᠶ ᠪᠠᠷ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠵᠦ᠂ ᠤᠳᠤ ᠦᠶ᠎ᠡ ᠶᠢᠨ ᠤᠶᠤᠲᠠᠳ ᠤᠨ ᠤᠶᠤᠨ ᠰᠠᠨᠠᠭᠠᠨ ᠤ ᠴᠤᠭ ᠵᠢᠪᠬᠤᠭ᠎ᠠ ᠪᠠᠨ ᠪᠠᠳᠠᠷᠠᠭᠤᠯᠬᠤ ᠬᠡᠷᠡᠭᠳᠡᠢ ᠬᠡᠵᠦ ᠵᠤᠷᠢᠭᠵᠢᠭᠤᠯᠪᠠ᠃      ᠴᠡᠷᠢᠭ ᠡᠯᠰᠡᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠨᠢ ᠰᠤᠷᠭᠠᠭᠤᠯᠢ ᠳᠤ ᠪᠠᠶᠢᠭ᠎ᠠ ᠤᠶᠤᠲᠠᠳ ᠲᠤ ᠴᠡᠷᠢᠭ ᠡᠯᠰᠡᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠴᠡᠷᠢᠭ ᠲᠤ ᠣᠷᠣᠬᠤ ᠬᠠᠯᠠᠭᠤᠨ ᠰᠡᠳᠬᠢᠯᠭᠡ ᠶᠢ ᠨᠢ ᠤᠯᠠᠮ ᠨᠢᠭᠡ ᠠᠯᠬᠤᠮ ᠬᠥᠭᠵᠢᠭᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠰᠠᠨᠠᠭᠠᠰᠢᠷᠠᠨ ᠵᠣᠪᠠᠨᠢᠬᠤ ᠤᠬᠠᠮᠰᠠᠷ ᠢ ᠨᠢ ᠨᠡᠮᠡᠭᠳᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠬᠤ ᠪᠤᠯᠤᠨ᠎ᠠ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠴᠡᠷᠢᠭ ᠡᠯᠰᠡᠬᠦ ᠠᠯᠪᠠᠨ ᠬᠡᠷ ᠤᠨ ᠠᠵᠢᠯᠲᠠᠳ ᠤᠶᠤᠲᠠᠳ ᠲᠠᠢ ᠰᠠᠨᠠᠯ ᠢᠶᠠᠨ ᠰᠣᠯᠢᠯᠴᠠᠵᠤ᠂ ᠪᠡᠶ᠎ᠡ ᠶᠢᠨ ᠪᠠᠶᠢᠴᠠᠭᠠᠯᠲᠠ ᠬᠢᠨᠠᠨ ᠬᠠᠷᠭᠤᠭᠤᠯᠬᠤ ᠪᠠᠷᠢᠮᠵᠢᠶ᠎ᠠ᠂ ᠬᠠᠷᠠᠭᠠᠯᠵᠠᠬᠤ ᠲᠥᠪᠬᠢᠨᠡᠭᠦᠯᠬᠦ ᠲᠥᠷᠥ ᠶᠢᠨ ᠪᠣᠳᠣᠯᠭ᠎ᠠ ᠵᠡᠷᠭᠡ ᠬᠤᠯᠪᠣᠭᠳᠠᠯ ᠪᠥᠬᠦᠶ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠨ ᠤᠬᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号