ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠤᠪᠴᠢᠶᠠᠨ ᠤ ᠥᠪᠥᠷ ᠮᠣᠩᠭᠤᠯ ᠤᠨ ᠲᠤᠪᠴᠢᠶᠠᠨ ᠤ ᠬᠢᠨᠠᠨ ᠪᠠᠶᠢᠴᠠᠭᠠᠬᠤ ᠠᠵᠢᠯ ᠤᠨ ᠬᠠᠷᠢᠭᠤ ᠲᠤᠰᠬᠠᠬᠤ ᠬᠤᠷᠠᠯ ᠮᠠᠨ ᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/6/9
     6 ᠰᠠᠷ᠎ᠠ ᠶᠢᠨ 8 ᠤ ᠡᠳᠦᠷ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠤᠪᠴᠢᠶᠠᠨ ᠤ ᠥᠪᠥᠷ ᠮᠣᠩᠭᠤᠯ ᠤᠨ ᠲᠤᠪᠴᠢᠶᠠᠨ ᠤ ᠬᠢᠨᠠᠨ ᠪᠠᠶᠢᠴᠠᠭᠠᠬᠤ ᠠᠵᠢᠯ ᠤᠨ ᠬᠠᠷᠢᠭᠤ ᠲᠤᠰᠬᠠᠬᠤ ᠬᠤᠷᠠᠯ ᠮᠠᠨ ᠤ ᠬᠤᠲᠠ ᠳᠤ ᠬᠤᠷᠠᠯᠳᠤᠪᠠ᠃ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶᠠᠨ ᠤ ᠥᠪᠥᠷ ᠮᠣᠩᠭᠤᠯ ᠤᠨ ᠲᠣᠪᠴᠢᠶᠠᠨ ᠤ ᠶᠡᠷᠦᠩᠬᠡᠢ ᠢᠨᠵᠧᠨᠧᠷ ᠵᠢᠶᠠ ᠴᠢᠨ ᠮᠢᠩ ᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ᠬᠢᠨᠠᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠶᠢᠨ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠤᠭᠰᠠᠨ ᠪᠥᠭᠡᠳ ᠮᠠᠨ ᠤ ᠬᠤᠲᠠ ᠳᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃      ᠬᠢᠨᠠᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠤ ᠢ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠪᠤᠰᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠢ ᠳᠡᠭᠡᠳᠦᠯᠡᠬᠦ︾ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠪᠠᠨ ᠪᠠᠬᠢᠵᠢᠭᠦᠯᠵᠦ᠂ ᠨᠡᠭᠦᠷᠡᠰᠦᠨ ᠤ ᠪᠤᠰᠤ ᠠᠭᠤᠷᠬᠠᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠵᠢᠴᠢ ᠬᠦᠨᠳᠦ ᠶᠡᠭᠡ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢᠶᠠᠨ ᠦᠷᠭᠦᠯᠵᠢᠯᠡᠨ ᠥᠷᠨᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃      ᠵᠢᠶᠠ ᠴᠢᠩ ᠳ᠋ᠦᠩ ᠢᠯᠡᠷᠭᠡᠶᠢᠯᠡᠭᠰᠡᠨ ᠨᠢ᠂ ᠮᠠᠨ ᠤ ᠬᠤᠲᠠ ᠤᠯᠤᠰ ᠲᠥᠷᠥ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠨᠡᠭᠦᠷᠡᠰᠦᠨ ᠤ ᠪᠤᠰᠤ ᠠᠭᠤᠷᠬᠠᠶ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠨ᠎ᠠ᠃ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠶᠢ ᠳᠣᠪᠤᠶᠢᠯᠭᠠᠵᠤ᠂ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠨ᠎ᠠ᠃ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠨ᠎ᠠ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号