ᠬᠠᠶᠢᠨᠠᠨ ᠲᠤᠭᠤᠷᠢᠭ ᠤᠨ ᠬᠢᠨ 6 ᠭᠤᠣᠯᠳᠠᠯᠭ᠎ᠠ ᠲᠠᠢ ᠡᠨᠧᠷᠭᠢ ᠶᠢᠨ ᠲᠦᠷᠦᠯ ᠵᠦᠢᠯ ᠳᠤ ᠠᠮᠵᠢᠯᠲᠠ ᠲᠠᠢ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2023/7/25
     7 ᠰᠠᠷ᠎ᠠ ᠶᠢᠨ 21 ᠤ ᠡᠳᠦᠷ᠂ ᠬᠠᠶᠢᠨᠠᠨ ᠲᠣᠭᠤᠷᠢᠭ ᠤᠨ ᠬᠢᠨ ᠭᠤᠣᠯᠳᠠᠯᠭ᠎ᠠ ᠲᠠᠢ ᠡᠨᠧᠷᠭᠢ ᠶᠢᠨ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃      ᠲᠣᠰ ᠤᠳᠠᠭ᠎ᠠ ᠰᠠᠯᠭᠢ ᠬᠡᠷᠡᠯ ᠤᠰᠤᠲᠥ᠋ᠷᠥᠭᠴᠢ ᠦᠢᠯᠡᠳᠬᠦ᠂ ᠨᠡᠭᠦᠷᠡᠰᠦ ᠶᠢ ᠤᠬᠢᠶᠠᠨ ᠰᠢᠯᠢᠵᠦ ᠪᠣᠯᠪᠠᠰᠤᠷᠠᠭᠤᠯᠬᠤ᠂ ᠪᠣᠬᠢᠷᠲᠤᠯ ᠦᠭᠡᠢ ᠪᠠᠷ ᠴᠠᠬᠢᠯᠭᠠᠨ ᠬᠠᠩᠭᠠᠬᠤ ᠵᠡᠷᠭᠡ 6 ᠭᠤᠣᠯᠳᠠᠯᠭ᠎ᠠ ᠲᠠᠢ ᠡᠨᠧᠷᠭᠢ ᠶᠢᠨ ᠵᠦᠢᠯᠡᠰ ᠲᠤ ᠭᠠᠷ ᠤᠨ ᠦᠰᠦᠭ ᠵᠢᠷᠤᠪᠠ᠃ ᠲᠦᠷᠦᠯ ᠵᠦᠢᠯ ᠳᠤ ᠭᠠᠷ ᠤᠨ ᠦᠰᠦᠭ ᠵᠢᠷᠣᠭᠰᠠᠨ ᠨᠢ ᠬᠠᠶᠢᠨᠠᠨ ᠲᠤᠭᠤᠷᠢᠭ ᠤᠨ ᠡᠨᠧᠷᠭᠢ ᠶᠢᠨ ᠠᠵᠤ ᠦᠢᠯᠡᠰ ᠤᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂ ᠡᠨᠧᠷᠭᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠵᠦ᠂ ᠪᠦᠬᠦ ᠲᠤᠭᠤᠷᠢᠭ ᠤᠨ ᠠᠵᠤ ᠦᠢᠯᠡᠰ ᠤᠨ ᠬᠡᠪᠴᠢᠶ᠎ᠡ ᠶᠢᠨ ᠡᠨᠧᠷᠭᠢ ᠶᠢᠨ ᠳᠡᠰ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠴᠢᠨᠠᠭᠰᠢᠳᠠ ᠠᠬᠢᠭᠤᠯᠵᠤ᠂ ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃      ᠡᠨᠡ ᠵᠢᠯ ᠤᠨ 7 ᠰᠠᠷ᠎ᠠ ᠠᠴᠠ ᠨᠠᠰᠢ᠂ ᠬᠠᠶᠢᠨᠠᠨ ᠲᠣᠭᠤᠷᠢᠭ ᠤᠨ ᠬᠢᠨ 7 ᠭᠤᠣᠯᠳᠠᠯᠭ᠎ᠠ ᠲᠠᠢ ᠲᠦᠷᠦᠯ ᠵᠦᠢᠯ  ᠳᠤ ᠭᠠᠷ ᠤᠨ ᠦᠰᠦᠭ ᠵᠢᠷᠣᠵᠣ᠂ ᠲᠦᠷᠦᠯ ᠵᠦᠢᠯ ᠳᠤ ᠭᠠᠷ ᠤᠨ ᠦᠰᠦᠭ ᠵᠢᠷᠣᠭᠰᠠᠨ ᠶᠡᠷᠦᠩᠬᠡᠢ ᠵᠣᠭᠤᠰᠤᠨ ᠲᠤᠭ᠎ᠠ ᠨᠢ 135 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号