ᠬᠢᠴᠢᠶᠡᠯ ᠨᠦᠬᠦᠬᠦ ᠳᠤ ᠪᠢᠲᠡᠬᠡᠢ ᠨᠠᠶᠢᠳᠠᠭᠠᠷᠠᠢ
ᠨᠡᠶᠢᠲᠡᠯᠡᠭᠰᠡᠨ ᠴᠠᠭ᠄
2023/7/3
     ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠴᠢᠨᠠᠭᠰᠢᠳᠠ ᠬᠥᠩᠭᠡᠷᠡᠭᠦᠯᠬᠦ ᠲᠤᠬᠠᠶ ᠰᠠᠨᠠᠯ︾ ︵ᠲᠤᠷᠤᠬᠰᠢ ᠰᠠᠨᠠᠯ ᠭᠡᠵᠤ ᠲᠦᠭᠦᠮᠴᠢᠯᠡᠨ᠎ᠡ︶ ᠢ ᠨᠡᠶᠢᠳᠡᠯᠡᠭᠰᠡᠨ ᠠᠴᠠ ᠨᠠᠭᠠᠰᠢ᠂ ᠡᠨᠡ ᠬᠦ ᠰᠠᠨᠠᠯ ᠨᠢ ᠨᠡᠶᠢᠭᠡᠮ ᠨᠡᠶᠢᠳᠡ ᠶᠢᠨ ᠠᠩᠬᠠᠷᠤᠯ ᠳᠤ ᠬᠦᠷᠴᠤ ᠪᠠᠶᠢᠨ᠎ᠠ᠃ ᠡᠭᠦᠨ ᠤ ᠰᠢᠯᠳᠠᠭᠠᠨ ᠨᠢ᠄            ᠨᠢᠭᠡ ᠳᠤ᠂ ᠬᠢᠴᠢᠶᠡᠯ ᠨᠦᠬᠦᠬᠦ ᠳᠤ ᠲᠦᠰᠢᠭᠯᠡᠨ ᠤᠷᠤᠯᠭ᠎ᠠ ᠤᠯᠵᠤ ᠪᠠᠶᠢᠬᠰᠠᠨ ᠨᠢᠭᠡ ᠪᠦᠯᠦᠭ ᠪᠠᠶᠢᠭᠤᠯᠤᠮᠵᠢ ᠬᠢᠭᠡᠳ‌‍ᠬᠦ᠋ᠮᠦᠰ ᠤᠨ ︽ᠪᠤᠳᠠᠭᠠᠨ ᠠᠶᠠᠭ᠎ᠠ︾ ᠶᠢ ᠬᠠᠭᠠᠯᠤᠬᠰᠠᠨ ᠳᠤ ᠪᠤᠢ᠃      ᠬᠤᠶᠠᠷ ᠲᠤ᠂ ᠬᠢᠴᠢᠶᠡᠯ ᠨᠦᠬᠦᠬᠦ ︽ᠬᠡᠷᠡᠭᠴᠡᠭᠡ︾ ᠲᠠᠢ ᠬᠦᠮᠦᠰ ᠤᠨ ᠬᠠᠩᠭᠠᠯᠭ᠎ᠠ ᠶᠢ ᠲᠠᠰᠤᠯᠤᠬᠰᠠᠨ ᠳᠤ ᠪᠤᠢ᠃      ᠬᠢᠴᠢᠶᠡᠯ ᠨᠦᠬᠦᠬᠦ ᠦᠵᠡᠭᠳᠡᠯ ᠴᠤᠬᠤᠮ ᠬᠡᠵᠢᠶ᠎ᠡ ᠠᠴᠠ ᠪᠤᠢ ᠪᠤᠯᠤᠬᠰᠠᠨ ᠢ ᠨᠠᠷᠢᠨ ᠬᠡᠯᠡᠬᠦ ᠶᠢᠨ ᠠᠷᠭ᠎ᠠ ᠦᠭᠡᠢ᠃ ᠭᠡᠶ᠎ᠡ ᠤᠷᠴᠢᠮ ᠤᠨ ᠵᠢᠯ ᠠᠴᠠ ᠨᠠᠭᠠᠰᠢ᠂ ᠡᠨᠡ ᠬᠦ ᠦᠵᠡᠭᠳᠡᠯ ᠶᠠᠪᠤᠬᠤ ᠲᠤᠳᠤᠮ ᠬᠦᠨᠳᠦ ᠨᠤᠴᠢᠳᠠᠢ ᠪᠤᠯᠵᠤ᠂ ᠤᠤᠯ ᠳᠠᠭᠠᠨ ᠦᠨᠳᠦᠷ ᠲᠤᠮᠳᠠᠳᠤ ᠶᠢᠨ ᠰᠤᠷᠤᠬᠴᠢᠳ ᠬᠢᠴᠢᠶᠡᠯ ᠨᠦᠬᠦᠵᠤ ᠪᠠᠶᠢᠬᠰᠠᠨ ᠪᠤᠯ ᠤᠳᠤ ᠪᠦᠷ ᠪᠠᠭ᠎ᠠ ᠰᠤᠷᠭᠠᠭᠤᠯᠢ ᠶᠢᠨ ᠬᠡᠤᠬᠡᠳ ᠬᠦᠷᠳᠡᠯ᠎ᠡ ᠬᠢᠴᠢᠶᠡᠯ ᠨᠦᠬᠦᠬᠦ ᠪᠤᠯᠵᠠᠢ᠃ ᠲᠡᠭᠡᠬᠦ ᠮᠦᠷᠳᠡᠭᠡᠨ ᠬᠢᠴᠢᠶᠡᠯ ᠨᠦᠬᠦᠬᠦ ᠰᠦᠢᠳᠭᠡᠯ ᠴᠤ ᠤᠯᠠᠮ ᠠᠴᠠ ᠦᠨᠳᠦᠷ ᠪᠤᠯᠵᠤ᠂ ᠨᠢᠭᠡ ᠴᠠᠭ ᠬᠢᠴᠢᠶᠡᠯ ᠨᠦᠬᠦᠪᠡᠯ ᠪᠠᠭ᠎ᠠ ᠳᠠᠭᠠᠨ ᠬᠡᠳᠦᠨ ᠵᠠᠭᠤᠨ ᠲᠦᠭᠦᠷᠢᠭ ᠵᠠᠷᠤᠴᠠᠭᠤᠯᠵᠤ᠂ ᠭᠡᠷ ᠤᠨ ᠠᠬᠠᠮᠠᠳ ᠤᠨ ᠲᠠᠷᠤᠭᠠᠰᠤ ᠶᠢ ᠶᠡᠭᠡ ᠪᠠᠷ ᠬᠦᠨᠳᠦᠷᠡᠭᠦᠯᠦᠭᠰᠡᠨ ᠪᠠᠶᠢᠨ᠎ᠠ᠃      ᠲᠡᠭᠷᠢ ᠶᠢᠨ ᠲᠤᠤᠷ᠎ᠠ ᠬᠡᠶᠢᠰᠴᠤ ᠢᠷᠡᠭᠰᠡᠨ ᠵᠤᠭᠤᠰ ᠭᠡᠵᠤ ᠬᠠᠮᠢᠭ᠎ᠠ ᠪᠠᠶᠢᠬᠤ ᠪᠤᠢ⁈ ᠭᠡᠶ᠎ᠡ ︽ᠦᠷ᠎ᠡ ᠶᠢᠨ ᠲᠦᠯᠦᠭᠡ ᠦᠳᠡᠯᠵᠤ᠂ ᠵᠤᠯᠵᠠᠭ᠎ᠠ ᠶᠢᠨ ᠲᠦᠯᠦᠭᠡ ᠵᠤᠳᠠᠳᠠᠭ︾ ᠶᠢᠷᠳᠢᠨᠴᠤ ᠶᠢᠨ ᠵᠢᠮ᠎ᠠ ᠬᠤᠶᠢᠨ᠎ᠠ᠂ ᠭᠡᠷ ᠤᠨ ᠠᠬᠠᠮᠠᠳ ᠨᠠᠷ ᠰᠢᠳᠤ ᠪᠠᠨ ᠵᠠᠭᠤᠵᠤ᠂ ᠪᠤᠰᠤᠳ ᠵᠠᠷᠤᠳᠠᠯ ᠢᠶᠠᠨ ᠠᠷᠪᠢᠯᠠᠵᠤ ᠪᠠᠶᠢᠭᠠᠳ ᠴᠤ ᠭᠡᠰᠡᠨ ᠬᠡᠤᠬᠡᠳ ᠲᠡᠭᠡᠨ ᠬᠢᠴᠢᠶᠡᠯ ᠨᠦᠬᠦᠵᠤ ᠪᠠᠶᠢᠨ᠎ᠠ᠃      ᠶᠠᠭᠤ ᠭᠡᠵᠤ ᠬᠢᠴᠢᠶᠡᠯ ᠨᠦᠬᠦᠵᠤ ᠪᠠᠶᠢᠭ᠎ᠠ ᠪᠤᠯ ᠳ᠋ᠠ︖ ᠦᠨᠡᠨ ᠢ ᠬᠡᠯᠡᠪᠡᠯ ᠭᠠᠭᠴᠠ ᠬᠦ ︽ᠦᠨᠳᠦᠷ ᠬᠤᠪᠢ︾ ᠵᠢᠨ‌‍ᠲ᠋ᠦ᠋ᠯᠦᠭᠡ ᠪᠠᠶᠢᠬᠤ ᠡ᠃ ᠪᠠᠭ᠎ᠠ ᠰᠤᠷᠭᠠᠭᠤᠯᠢ ᠶᠢᠨ ᠰᠤᠷᠤᠬᠴᠢᠳ ᠬᠢᠴᠢᠶᠡᠯ ᠨᠦᠬᠦᠵᠤ ᠪᠠᠶᠢᠭ᠎ᠠ ᠨᠢ ᠰᠠᠶᠢᠨ ᠲᠤᠮᠳᠠᠳᠤ ᠰᠣᠷᠭᠠᠭᠤᠯᠢ ᠳᠤ ᠤᠷᠤᠬᠤ ᠶᠢᠨ ᠲᠦᠯᠦᠭᠡ᠃ ᠲᠤᠮᠳᠠᠳᠤ ᠰᠤᠷᠭᠠᠭᠤᠯᠢ ᠶᠢᠨ ᠰᠤᠷᠤᠬᠴᠢ ᠬᠢᠴᠢᠶᠡᠯ ᠨᠦᠬᠦᠵᠤ ᠪᠠᠶᠢᠭ᠎ᠠ ᠨᠢ ᠰᠠᠶᠢᠨ‌ᠦᠨᠳᠦᠷ ᠲᠤᠮᠳᠠᠳᠤ ᠳᠤ ᠤᠷᠤᠬᠤ ᠶᠢᠨ ᠲᠦᠯᠦᠭᠡ᠃ ᠦᠨᠳᠦᠷ ᠲᠤᠮᠳᠠᠳᠤ ᠶᠢᠨ ᠰᠤᠷᠤᠬᠴᠢ ᠬᠢᠴᠢᠶᠡᠯ ᠨᠦᠬᠦᠵᠤ  ᠪᠠᠶᠢᠭ᠎ᠠ ᠨᠢ ᠰᠠᠶᠢᠨ ᠶᠡᠭᠡ ᠰᠤᠷᠭᠠᠭᠤᠯᠢ ᠳᠤ ᠤᠷᠤᠬᠤ ᠶᠢᠨ ᠲᠦᠯᠦᠭᠡ ᠶᠤᠮ᠃ ᠲᠡᠭᠡᠬᠦ ᠮᠦᠷᠳᠡᠭᠡᠨ ︽ᠦᠨᠳᠦᠷ ᠬᠤᠪᠢ︾ ᠨᠢ ᠭᠡᠷ ‍ᠤᠨ‌ᠠᠬᠠᠮᠠᠳ ᠤᠨ ᠦᠷ᠎ᠡ ᠬᠡᠤᠬᠡᠳ ᠤᠨ ᠢᠶᠠᠨ ︽ᠰᠠᠶᠢᠨ᠂ ᠠᠨᠠᠢ︾ ᠶᠢ ᠦᠨᠡᠯᠡᠬᠦ ᠴᠤᠷ ᠤᠨ ᠭᠠᠭᠴᠠ ᠪᠠᠷᠢᠮᠵᠢᠶ᠎ᠠ ᠪᠤᠯᠵᠤ ᠪᠠᠶᠢᠭ᠎ᠠ ᠳᠤ ᠭᠠᠶᠢᠬᠠᠭᠤᠰᠢᠳᠠᠢ᠂ ᠰᠡᠷᠡᠮᠵᠢᠯᠡᠭᠦᠰᠢᠳᠠᠢ᠂ ᠪᠤᠳᠤᠯᠬᠢᠯᠠᠭᠤᠰᠢᠳᠠᠢ ᠶᠤᠮ᠃      ᠰᠤᠷᠭᠠᠨ ᠬᠦᠮᠦᠵᠢᠯ ᠤᠨ ᠦᠨᠳᠦᠰᠦᠨ ᠡᠭᠦᠷᠭᠡ ᠨᠢ ᠶᠠᠭᠤ ᠪᠤᠢ ᠭᠡᠪᠡᠯ ︽ᠰᠠᠨᠠᠯ︾ ᠳᠤ ︽ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠎ᠠ︾ ᠭᠡᠵᠤ ᠲᠤᠷᠠᠳᠤᠬᠰᠠᠨ ᠪᠠᠶᠢᠨ᠎ᠠ᠃ ᠲᠠᠷᠢᠬᠢ ᠲᠤᠯᠤᠭᠠᠢ ᠰᠡᠷᠭᠡᠭ᠂ ᠴᠢᠷᠮᠠᠶᠢᠯᠳᠠ ᠲᠠᠢ ᠪᠤᠯ ᠶᠠᠮᠠᠷ ᠴᠤ ᠮᠡᠳᠡᠯᠭᠡ ᠶᠢ ᠰᠤᠷᠴᠤ ᠪᠤᠯᠤᠨ᠎ᠠ᠃ ᠭᠡᠪᠡᠴᠤ ᠶᠤᠰᠤ ᠰᠤᠷᠳᠠᠬᠤᠨ ᠲᠠᠢ ᠬᠦᠮᠦᠨ ᠢ ᠬᠦᠮᠦᠵᠢᠭᠦᠯᠬᠦ ᠳᠤ ᠲᠡᠶᠢᠮᠤ ᠬᠢᠯᠪᠠᠷ ᠪᠢᠰᠢ᠃ ᠡᠷᠳᠡᠨ ᠤ ᠦᠭᠡᠨ ᠳᠤ ︽ᠤᠷᠢᠳ ᠢᠶᠠᠷ ᠬᠦᠮᠦᠨ ᠪᠤᠯᠵᠤ᠂ ᠲᠠᠷᠠᠭ᠎ᠠ ᠨᠢ ᠠᠵᠢᠯ ᠬᠢᠨ᠎ᠠ︾ ︽ᠠᠷᠪᠠᠨ ᠵᠢᠯ ᠳᠤ ᠮᠤᠳᠤ ᠪᠣᠶᠢᠵᠢᠭᠤᠯᠵᠤ᠂ ᠵᠠᠭᠤᠨ ᠵᠢᠯ ᠳᠤ ᠬᠦᠮᠦᠨ ᠬᠦᠮᠦᠵᠢᠭᠦᠯᠦᠨ᠎ᠠ︾ ᠭᠡᠵᠤ ᠶᠠᠷᠢᠳᠠᠭ ᠨᠢ ᠬᠦᠮᠦᠨ ᠪᠤᠯᠬᠤ ᠶᠠᠪᠤᠴᠠ ᠳᠠᠬᠢ ᠶᠤᠰᠤ ᠰᠤᠷᠳᠠᠬᠤᠨ ᠤ ᠴᠢᠬᠤᠯᠠ ᠴᠢᠨᠡᠷ ᠢ ᠵᠢᠭᠠᠵᠤ ᠭᠠᠷᠭᠠᠬᠰᠠᠨ ᠪᠠᠶᠢᠳᠠᠭ᠃ ᠲᠡᠯᠡᠬᠡᠢ ᠶᠢᠨ ᠨᠡᠷᠡᠳᠤ ᠬᠦᠴᠦᠷᠬᠡᠭ ᠠᠵᠤ ᠠᠬᠤᠶᠢᠯᠠᠯ ᠤᠨ ᠰᠤᠶᠤᠯ ᠳᠤ ︽ᠮᠤᠷᠠᠯ ᠲᠠᠢ ᠮᠡᠳᠡᠯᠭᠡ ᠲᠠᠢ ᠶᠢ ᠨᠢ ᠲᠠᠪᠰᠢᠭᠦᠯᠵᠦ ᠪᠠᠶᠢᠭᠠᠳ ᠬᠡᠷᠡᠭᠯᠡᠨ᠎ᠡ᠂ ᠮᠤᠷᠠᠯ ᠲᠠᠢ ᠮᠡᠳᠡᠯᠭᠡ ᠦᠭᠡᠢ ᠶᠢ ᠬᠦᠮᠦᠵᠢᠭᠦᠯᠵᠤ ᠪᠠᠶᠢᠭᠠᠳ ᠬᠡᠷᠡᠭᠯᠡᠨ᠎ᠡ᠂ ᠮᠤᠷᠠᠯ ᠦᠭᠡᠢ ᠮᠡᠳᠡᠯᠭᠡ ᠲᠠᠢ ᠶᠢ ᠨᠢ ᠬᠢᠵᠠᠭᠠᠷᠯᠠᠵᠤ ᠪᠠᠶᠢᠭᠠᠳ ᠬᠡᠷᠡᠭᠯᠡᠨ᠎ᠡ᠂ ᠮᠤᠷᠠᠯ ᠦᠭᠡᠢ ᠮᠡᠳᠡᠯᠭᠡ ᠦᠭᠡᠢ ᠶᠢ ᠨᠢ ᠶᠠᠭᠠᠬᠢᠬᠰᠠᠨ ᠴᠤ ᠬᠡᠷᠡᠭᠯᠡᠬᠦ ᠦᠭᠡᠢ︾ ᠭᠡᠰᠡᠨ ᠬᠦᠮᠦᠨ ᠬᠡᠷᠡᠭᠯᠡᠬᠦ ᠵᠠᠷᠴᠢᠮ ᠦᠷᠭᠡᠨ ᠢᠶᠠᠷ ᠲᠦᠭᠡᠮᠡᠯᠵᠢᠭᠰᠡᠨ ᠪᠠᠶᠢᠳᠠᠭ᠃ ᠡᠶᠢᠮᠤ ᠪᠤᠯᠬᠤᠷ ᠪᠢᠳᠡ ᠬᠡᠤᠬᠡᠳ ᠢᠶᠠᠨ ᠬᠦᠮᠦᠵᠢᠭᠦᠯᠬᠦ ᠳᠤ ᠶᠠᠭᠠᠬᠢᠬᠰᠠᠨ ᠴᠤ ᠭᠠᠭᠴᠠ ︽ᠦᠨᠳᠦᠷ ᠬᠤᠪᠢ︾ ᠪᠠᠷ ᠪᠠᠷᠢᠮᠵᠢᠶᠠᠯᠠᠵᠤ ᠪᠤᠯᠬᠤ ᠦᠭᠡᠢ᠂ ᠬᠠᠷᠢᠨ ᠶᠤᠰᠤ ᠰᠤᠷᠳᠠᠬᠤᠨ ᠤ ᠬᠦᠮᠦᠵᠢᠯ ᠢ ᠴᠤ ᠵᠡᠷᠭᠡ ᠪᠠᠷ ᠴᠢᠬᠤᠯᠠᠴᠢᠯᠠᠬᠤ ᠨᠢ ᠵᠦᠢᠳᠡᠢ᠃       ᠬᠢᠴᠢᠶᠡᠯ ᠨᠦᠬᠦᠬᠦ ᠦᠵᠡᠭᠳᠡᠯ ᠨᠢ ︽ᠰᠠᠨᠠᠯ︾ ᠤᠨ ᠨᠡᠶᠢᠳᠡᠯᠡᠭᠳᠡᠬᠦ ᠶᠢ ᠲᠠᠭᠠᠯᠳᠤᠨ ᠲᠡᠤᠬᠡ ᠶᠢᠨ ᠲᠠᠪᠴᠠᠩ ᠠᠴᠠ ᠤᠬᠤᠷᠢᠨ ᠭᠠᠷᠬᠤ ᠪᠤᠯᠤᠨ᠎ᠠ᠃ ᠲᠡᠭᠡᠪᠡᠯ ᠬᠡᠤᠬᠡᠳ ᠤᠨ ᠰᠤᠷᠤᠯᠭ᠎ᠠ ᠶᠢᠨ ᠲᠤᠬᠠᠢ ᠭᠡᠷ ᠤᠨ ᠠᠬᠠᠮᠠᠳ ᠤᠨ ᠰᠠᠨᠠᠭᠠᠰᠢᠷᠠᠯ ᠢ ᠬᠡᠷᠬᠢᠨ ᠰᠢᠢᠳᠪᠦᠷᠢᠯᠡᠬᠦ  ᠪᠤᠢ︖ ︽ᠰᠠᠨᠠᠯ︾ ᠳᠤ ︽ᠲᠠᠰᠬᠠᠯ ᠲᠠᠭᠠᠭᠠᠯᠭᠠᠪᠤᠷᠢ ᠶᠢᠨ ᠬᠠᠮᠢᠶᠠᠷᠤᠯᠳᠠ ᠶᠢᠨ ᠲᠤᠬᠳᠠᠴᠠ ᠶᠢ ᠲᠡᠭᠦᠯᠳᠡᠷᠵᠢᠭᠦᠯᠦᠨ᠎ᠠ᠃ ᠲᠦᠷᠦᠯ ᠠᠩᠬᠢᠯᠠᠨ ᠲᠠᠰᠬᠠᠯ ᠲᠠᠭᠠᠭᠠᠯᠭᠠᠪᠤᠷᠢ ᠶᠢᠨ ᠶᠡᠷᠦᠩᠬᠡᠢ ᠬᠡᠮᠵᠢᠶ᠎ᠡ ᠶᠢ ᠲᠣᠳᠤᠷᠬᠠᠶᠢᠯᠠᠨ᠎ᠠ᠃ ᠲᠠᠰᠬᠠᠯ‌‍ᠲ᠋ᠠᠭᠠᠭᠠᠯᠭᠠᠪᠤᠷᠢ ᠶᠢ ᠪᠡᠶᠡᠯᠡᠭᠦᠯᠬᠦ ᠵᠢᠯᠤᠭᠤᠳᠤᠯᠭ᠎ᠠ ᠶᠢ ᠴᠢᠩᠭᠠᠳᠬᠠᠨ᠎ᠠ᠃ ᠬᠢᠴᠢᠶᠡᠯ ᠤᠨ ᠭᠠᠳᠠᠨᠠᠬᠢ ᠰᠤᠯᠠ ᠴᠠᠭ ᠢ ᠰᠢᠨᠵᠢᠯᠡᠬᠦ ᠤᠬᠠᠭᠠᠨᠴᠢ ᠪᠠᠷ ᠠᠰᠢᠬᠯᠠᠨ᠎ᠠ᠃ ᠬᠢᠴᠢᠶᠡᠯ ᠤᠨ ᠲᠠᠷᠠᠭᠠᠬᠢ ᠦᠢᠯᠡᠴᠢᠯᠡᠭᠡᠨ ᠤ ᠴᠠᠭ ᠢ ᠪᠠᠳᠤᠯᠠᠨ᠎ᠠ᠃ ᠬᠢᠴᠢᠶᠡᠯ ᠤᠨ ᠲᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠭᠦᠯᠦᠨ᠎ᠡ᠃ ᠬᠢᠴᠢᠶᠡᠯ ᠤᠨ ᠲᠠᠷᠠᠭᠠᠬᠢ ᠦᠢᠯᠡᠴᠢᠯᠡᠭᠡᠨ ᠤ ᠵᠠᠮ ᠰᠤᠪᠠᠭ ᠢ ᠨᠡᠪᠳᠡᠷᠡᠭᠦᠯᠦᠨ᠎ᠡ᠃ ᠦᠨ᠎ᠡ ᠲᠦᠯᠦᠪᠦᠷᠢ ᠦᠭᠡᠢ ᠰᠦᠯᠵᠢᠶᠡᠨ ᠲᠡᠭᠡᠷᠡᠬᠢ ᠰᠤᠷᠤᠯᠴᠠᠯᠭ᠎ᠠ ᠶᠢᠨ ᠦᠢᠯᠡᠴᠢᠯᠡᠭᠡ ᠶᠢ ᠴᠢᠩᠭᠠᠳᠬᠠᠨ ᠰᠢᠯᠢᠳᠡᠭᠵᠢᠭᠦᠯᠦᠨ᠎ᠠ︾ ᠭᠡᠵᠤ ᠲᠤᠷᠠᠳᠤᠬᠰᠠᠨ ᠪᠠᠶᠢᠨ᠎ᠠ᠃ ᠡᠨᠡ ᠠᠷᠭ᠎ᠠ ᠬᠡᠮᠵᠢᠶ᠎ᠡ ᠪᠦᠬᠦᠨ ᠨᠢ ᠭᠡᠷ ᠤᠨ ᠠᠬᠠᠮᠠᠳ ᠤᠨ ᠬᠢᠴᠢᠶᠡᠯ ᠨᠦᠬᠦᠬᠦ ᠲᠤᠬᠠᠢ ᠰᠠᠨᠠᠭᠠᠰᠢᠷᠠᠯ ᠢ ᠪᠦᠷᠢᠨ ᠠᠯᠳᠠᠷᠠᠭᠠᠵᠤ ᠴᠢᠳᠠᠬᠤ ᠪᠤᠯᠬᠤᠷ᠂ ᠲᠠᠬᠢᠨ ᠬᠡᠤᠬᠡᠳ ᠲᠡᠭᠡᠨ ᠬᠢᠴᠢᠶᠡᠯ ᠨᠦᠬᠦᠨ᠎ᠡ ᠭᠡᠵᠤ ᠰᠡᠳᠬᠢᠬᠦ ᠨᠢ ᠦᠨᠡᠬᠡᠷ ᠢᠯᠡᠭᠦᠴᠡ ᠶᠠᠪᠤᠳᠠᠯ ᠪᠤᠯᠬᠤ ᠶᠤᠮ᠃      ᠭᠡᠷ ᠤᠨ ᠠᠬᠠᠮᠠᠳ ᠲᠠᠢ ᠶᠠᠷᠢᠵᠤ ᠰᠠᠭᠤᠬᠤ ᠳᠤ᠂ ᠵᠠᠷᠢᠮ ᠨᠢ ᠬᠡᠨ ᠬᠡᠨ ᠤ ᠬᠡᠤᠬᠡᠳ ᠨᠢ ᠲᠤᠭ᠎ᠠ ᠳᠠᠭᠠᠨ ᠰᠠᠶᠢᠨ᠂ ᠮᠢᠨᠤ ᠬᠡᠤᠬᠡᠳ ᠲᠤᠭᠠᠨ ᠳᠤ ᠠᠨᠠᠢ ᠭᠡᠵᠤ ᠶᠠᠷᠢᠬᠤ ᠶᠤᠮ᠃ ᠠᠪ ᠠᠳᠠᠯᠢᠬᠠᠨ ᠲᠠᠷᠢᠬᠢ ᠲᠤᠯᠤᠭᠠᠢ ᠲᠠᠢ ᠪᠠᠶᠢᠭᠠᠳ ᠶᠠᠭᠠᠬᠢᠭᠠᠳ ᠵᠦᠷᠢᠶ᠎ᠠ ᠭᠠᠷᠴᠤ ᠪᠠᠶᠢᠭ᠎ᠠ ᠪᠤᠯ ᠭᠡᠵᠤ ᠨᠢᠬᠳᠠᠯᠠᠪᠠᠯ᠂ ᠬᠠᠮᠤᠭ ᠤᠨ ᠴᠢᠬᠤᠯᠠ ᠦᠨᠳᠦᠰᠦ ᠨᠢ ᠲᠤᠷ᠎ᠠ ᠰᠤᠨᠢᠷᠬᠠᠯ ᠳᠤ ᠪᠠᠶᠢᠭ᠎ᠠ ᠠᠵᠢ᠃ ᠠᠯᠳᠠᠷᠳᠤ ᠰᠤᠷᠭᠠᠨ ᠬᠦᠮᠦᠵᠢᠯᠳᠡᠨ ᠰᠾᠢᠪᠢᠨᠰᠠᠢ᠄ ︽ᠲᠤᠷ᠎ᠠ ᠰᠤᠨᠢᠷᠬᠠᠯ ᠪᠤᠯ ᠰᠤᠷᠤᠯᠴᠠᠯᠭ᠎ᠠ ᠪᠠ ᠮᠡᠳᠡᠯᠭᠡ ᠶᠢᠨ ᠴᠠᠩᠭᠠᠭ᠎ᠠ ᠲᠠᠶᠢᠯᠬᠤ ᠬᠠᠮᠤᠭ ᠶᠡᠭᠡ ᠬᠦᠳᠡᠯᠭᠡᠬᠦ ᠬᠦᠴᠦᠨ ᠮᠦᠨ︾ ᠭᠡᠵᠤ ᠵᠢᠭᠠᠵᠤ ᠭᠠᠷᠭᠠᠬᠰᠠᠨ ᠪᠠᠶᠢᠨ᠎ᠠ᠃ ᠦᠨᠡᠨ ᠳᠡᠭᠡᠨ ᠬᠡᠤᠬᠡᠳ ᠤᠳ ᠠᠯᠢ ᠬᠢᠴᠢᠶᠡᠯ ᠳᠤ ᠮᠠᠭᠤ ᠪᠠᠶᠢᠪᠠᠯ ᠲᠡᠷᠡ ᠬᠢᠴᠢᠶᠡᠯ ᠳᠡᠭᠡᠨ ᠲᠤᠷ᠎ᠠ ᠰᠤᠨᠢᠷᠬᠠᠯ ᠦᠭᠡᠢ ᠭᠡᠰᠡᠨ ᠦᠭᠡ᠃ ᠴᠢᠩᠬᠢᠪᠡᠯ ᠲᠤᠷ᠎ᠠ ᠰᠤᠨᠢᠷᠬᠠᠯ ᠢ ᠨᠢ ᠶᠠᠭᠠᠬᠢᠵᠤ ᠬᠦᠮᠦᠵᠢᠭᠦᠯᠬᠦ ᠪᠤᠢ ᠭᠡᠳᠡᠭ ᠨᠢ ᠭᠡᠷ ᠤᠨ ᠠᠬᠠᠮᠠᠳ ᠤᠨ ᠠᠷᠭ᠎ᠠ ᠪᠤᠳᠤᠬᠤ ᠶᠠᠪᠤᠳᠠᠯ ᠪᠤᠯᠤᠨ᠎ᠠ᠃ ᠮᠢᠨᠤ ᠨᠢᠭᠡ ᠨᠠᠶᠢᠵᠠ ᠶᠢᠨ ᠬᠦᠤ ᠨᠢ ᠲᠠᠪᠤᠨ ᠤᠨ ᠤ ᠰᠤᠷᠤᠬᠴᠢ᠂ ᠲᠤᠭᠠᠨ ᠳᠠᠭᠠᠨ ᠲᠦᠢᠯ ᠤᠨ ᠤᠷᠮ᠎ᠠ ᠪᠠᠭ᠋ᠠᠳᠠᠢ ᠪᠦᠭᠡᠳ ᠠᠯᠳᠠᠷᠳᠤ ᠲᠤᠭᠠᠨ ᠤ ᠤᠬᠠᠭᠠᠨᠳᠠᠨ ᠴᠧᠨ ᠵᠢᠩ ᠷᠦᠨ ᠢ ᠲᠦᠢᠯ ᠢᠶᠠᠷ ᠰᠢᠳᠦᠨ ᠪᠢᠰᠢᠷᠡᠳᠡᠭ ᠠᠵᠢ᠃ ᠨᠢᠭᠡ ᠤᠳᠠᠭ᠎ᠠ ᠪᠢ ᠲᠡᠭᠦᠨ ᠲᠠᠢ ᠴᠧᠨ ᠵᠢᠩ ᠷᠦᠨ ᠤ ᠲᠤᠬᠠᠢ ᠶᠠᠷᠢᠵᠤ ᠰᠠᠭᠤᠬᠤ ᠳᠤ ︽ᠭᠤᠯᠳᠠᠪᠠᠾᠠ ᠶᠢᠨ ᠲᠠᠭᠠᠮᠠᠬᠯᠠᠯ︾ ᠴᠢᠨᠢ ︽1+2=3︾ ᠪᠢᠰᠢᠤ ᠭᠡᠰᠡᠨ ᠴᠢᠨᠢ ᠲᠡᠷᠡ ︽ᠠᠪᠠᠭ᠎ᠠ ᠲᠠ ᠪᠤᠷᠤᠭᠤ ᠶᠠᠷᠢᠵᠤ ᠪᠠᠶᠢᠨ᠎ᠠ︾ ᠭᠡᠳ ᠨᠠᠳᠠ ᠳᠤ ᠲᠡᠭᠰᠢ ᠲᠤᠭ᠎ᠠ ᠶᠢ ᠠᠩᠬᠠᠨ ᠤ ᠲᠤᠭ᠎ᠠ ᠪᠠᠷ ᠶᠠᠭᠠᠬᠢᠵᠤ ᠢᠯᠡᠳᠭᠡᠨ᠎ᠡ ᠭᠡᠵᠤ ᠤᠯᠠᠨ ᠤᠯᠠᠨ ᠶᠠᠭᠤᠮ᠎ᠠ  ᠶᠠᠷᠢᠵᠤ ᠬᠢᠴᠢᠶᠡᠯ ᠤᠷᠤᠵᠤ ᠦᠭᠭᠦᠯ᠎ᠠ᠃ ᠰᠡᠭᠦᠯᠡᠷ ᠨᠢ ᠪᠢ ᠰᠦᠯᠵᠢᠶ᠎ᠡ ᠳᠤ ᠭᠠᠷᠴᠤ ᠬᠠᠶᠢᠵᠤ ᠦᠵᠡᠭᠰᠡᠨ ᠴᠢᠨᠢ ᠲᠡᠭᠦᠨ ᠤ ᠶᠠᠷᠢᠬᠰᠠᠨ ᠨᠢ ᠪᠦᠷ ᠵᠦᠪ ᠪᠠᠶᠢᠵᠤ᠂ ︽ᠭᠤᠯᠳᠠᠪᠠᠾᠠ ᠵᠢᠨ‌‍ᠲ᠋ᠠᠭᠠᠮᠠᠬᠯᠠᠯ︾ ᠤᠨ ᠲᠤᠬᠠᠢ ᠬᠡᠳᠦᠨ ᠠᠷᠪᠠᠨ ᠵᠢᠯ ᠤᠨ ᠪᠤᠷᠤᠭᠤ ᠤ‍‌ᠵᠢᠯᠠᠭᠠᠯᠳᠠ ᠮᠢᠨᠢ ᠲᠠᠬᠢᠨ ᠰᠢᠨᠡᠴᠢᠯᠡᠭᠳᠡᠵᠤ ᠪᠢᠯᠡ᠃ ᠡᠨᠡ ᠪᠤᠯ ᠲᠠᠷᠤᠢ ᠲᠤᠷ᠎ᠠ ᠰᠤᠨᠢᠷᠬᠠᠯ ᠮᠦᠨ ᠠᠵᠢ᠃      ᠬᠡᠤᠬᠡᠳ ᠤᠨ ᠲᠤᠷ᠎ᠠ ᠰᠤᠨᠢᠷᠬᠠᠯ ᠢ ᠬᠦᠮᠦᠵᠢᠭᠦᠯᠬᠦ ᠪᠤᠯ ᠬᠢᠴᠢᠶᠡᠯ ᠰᠤᠷᠤᠯᠭ᠎ᠠ ᠶᠢ ᠨᠢ ᠲᠡᠭᠡᠭᠰᠢᠯᠡᠭᠦᠯᠬᠦ ᠶᠢᠨ ᠴᠢᠬᠤᠯᠠ ᠠᠨᠢᠰᠤ ᠪᠤᠯᠬᠤ ᠨᠢ ᠭᠠᠷᠴᠠᠭ᠎ᠠ ᠦᠭᠡᠢ ᠶᠤᠮ᠃ ᠡᠨᠡ ᠠᠨᠢᠰᠤ ᠪᠠᠷ ᠭᠠᠷᠳᠠᠴᠠ ᠪᠤᠯᠭᠠᠬᠤ ᠨᠢ ᠬᠢᠴᠢᠶᠡᠯ ᠨᠦᠬᠦᠬᠦ ᠠᠴᠠ ᠨᠡᠩ ᠴᠢᠬᠤᠯᠠ᠃ ᠦᠨᠡᠨ ᠳᠡᠭᠡᠨ ᠡᠨᠡ ᠨᠢ ᠰᠢᠮ᠎ᠡ ᠲᠡᠵᠢᠭᠡᠯ ᠨᠦᠬᠦᠪᠦᠷᠢᠯᠡᠬᠦ ᠲᠠᠢ ᠨᠢᠭᠡ ᠯᠡ ᠠᠳᠠᠯᠢ᠃ ᠰᠦ ᠮᠢᠬ᠎ᠠ ᠵᠢᠮᠢᠰ ᠨᠤᠭᠤᠭ᠎ᠠ ᠢᠳᠡᠭᠡᠳ ᠰᠢᠮ᠎ᠡ ᠲᠡᠵᠢᠭᠡᠯ ᠨᠢ ᠬᠦᠷᠴᠤ ᠪᠠᠶᠢᠳᠠᠯ᠎ᠠ ᠲᠠᠬᠢᠨ ᠺᠠᠯᠼ᠂ ᠴᠠᠶᠢᠷ᠂ ᠸᠢᠲ᠋ᠠᠮᠢᠨ ᠨᠦᠬᠦᠪᠦᠷᠢᠯᠡᠬᠦ ᠳᠤ ᠬᠦᠷᠪᠡᠯ ᠲᠡᠷᠡ ᠨᠢ ᠰᠢᠮ᠎ᠡ ᠲᠡᠵᠢᠭᠡᠯ ᠤᠨ ᠢᠯᠡᠭᠦᠳᠡᠯ ᠪᠢᠰᠢ ᠪᠤᠯ ᠭᠠᠷᠤᠵᠠᠳᠠᠯ ᠪᠤᠯᠬᠤ ᠨᠢ ᠯᠠᠪᠳᠠᠢ ᠶᠤᠮ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号