ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠦᠬᠠᠢ ᠶᠢᠨ ᠴᠡᠷᠢᠭ ᠤᠨ ᠬᠤᠪᠢᠶᠠᠷᠢ ᠲᠤᠭᠤᠷᠢᠭ  ᠤᠨ ᠶᠡᠭᠡ ᠰᠤᠷᠭᠠᠭᠤᠯᠢ ᠠᠴᠠ ᠲᠡᠭᠦᠰᠦᠭᠰᠡᠨ ᠰᠣᠷᠣᠭᠴᠢᠳ ᠲᠤ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠱᠠᠩᠨᠠᠯ ᠤᠨ ᠮᠥᠩᠭᠦ ᠣᠯᠭᠤᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/4
ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠦᠬᠠᠢ ᠶᠢᠨ ᠴᠡᠷᠢᠭ ᠤᠨ ᠬᠤᠪᠢᠶᠠᠷᠢ ᠲᠤᠭᠤᠷᠢᠭ ᠤᠨ ᠶᠡᠭᠡ ᠰᠤᠷᠭᠠᠭᠤᠯᠢ ᠠᠴᠠ ᠲᠡᠭᠦᠰᠦᠭᠰᠡᠨ ᠰᠣᠷᠣᠭᠴᠢᠳ ᠲᠤ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠱᠠᠩᠨᠠᠯ  ᠤᠨ ᠮᠥᠩᠭᠦ ᠣᠯᠭᠤᠬᠤ ᠲᠤᠬᠠᠢ ᠮᠡᠳᠡᠭᠳᠡᠯ               ᠦᠬᠠᠶ ᠵᠠᠰᠠᠭ ᠲᠠᠷᠬᠠᠭᠠᠭᠰᠠᠨ ︹2020︺ 8 ᠳ᠋ᠤᠭᠠᠷ ᠲᠣᠭᠠᠲᠤ  ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠄      ᠦᠬᠠᠢ ᠬᠤᠲᠠ ᠶᠢᠨ ᠶᠡᠭᠡ ᠰᠤᠷᠭᠠᠭᠤᠯᠢ ᠲᠡᠭᠦᠰᠦᠭᠰᠡᠨ ᠣᠶᠤᠲᠠᠳ ᠤᠨ ᠴᠡᠷᠢᠭ ᠲᠤ ᠣᠷᠣᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠴᠡᠷᠢᠭ ᠲᠤ ᠡᠯᠰᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠡᠷᠢᠭ ᠡᠯᠰᠡᠬᠦ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠶᠡᠭᠡ ᠰᠤᠷᠭᠠᠭᠤᠯᠢ ᠲᠡᠭᠦᠰᠦᠭᠰᠡᠳ ᠵᠢᠴᠢ ᠲᠡᠳᠡᠨ ᠤ ᠭᠡᠷ ᠪᠦᠯᠢ ᠳᠤ ᠠᠰᠢᠭ ᠬᠦᠷᠲᠡᠭᠡᠬᠦ ᠶᠢᠨ ᠲᠦᠯᠦᠭᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠴᠡᠷᠢᠭ ᠤᠨ ᠬᠤᠪᠢᠶᠠᠷᠢ ᠲᠣᠭᠤᠷᠢᠭ ᠤᠨ ᠰᠤᠳᠤᠯᠤᠯᠲᠠ ᠪᠠᠷ ᠳᠡᠮᠵᠢᠨ᠂ 2023 ᠣᠨ ᠠᠴᠠ ᠡᠬᠢᠯᠡᠨ᠂ ᠣᠲᠣ ᠶᠢᠨ ᠪᠠᠶᠢᠭ᠎ᠠ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠭᠰᠡᠨ ᠰᠠᠭᠤᠷᠢᠨ ᠳᠡᠭᠡᠷ᠎ᠡ᠂ ᠮᠠᠨ ᠤ ᠬᠤᠲᠠ ᠠᠴᠠ ᠴᠡᠷᠢᠭ ᠲᠤ ᠡᠯᠰᠡᠭᠳᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠵᠤ ᠪᠠᠶᠢᠭ᠎ᠠ ᠶᠡᠭᠡ ᠰᠤᠷᠭᠠᠭᠤᠯᠢ ᠲᠡᠭᠦᠰᠦᠭᠰᠡᠳ ᠲᠤ ᠨᠢᠭᠡ ᠣᠳᠠᠭᠠᠨ ᠤ ᠴᠢᠨᠠᠷᠲᠠᠢ ᠪᠠᠷ ᠴᠡᠷᠢᠭ ᠲᠤ ᠣᠷᠣᠭᠰᠠᠨ ᠱᠠᠩᠨᠠᠯ ᠤᠨ ᠮᠥᠩᠭᠦ ᠣᠯᠭᠤᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠣᠯᠭᠤᠬᠤ ᠬᠡᠪᠴᠢᠶ᠎ᠡ᠂ ᠪᠠᠷᠢᠮᠵᠢᠶ᠎ᠠ      ᠠᠯᠪᠠᠨ ᠵᠢᠷᠤᠮ ᠤᠨ ᠴᠡᠷᠢᠭ ᠤᠨ ᠠᠯᠪᠠ ᠶᠢ ᠬᠠᠭᠠᠬᠤ ᠶᠣᠰᠣᠲᠠᠢ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠠᠴᠠ ᠲᠤᠰ ᠵᠢᠯ ︵ᠦᠩᠭᠡᠷᠡᠭᠰᠡᠨ ᠵᠢᠯ︶ ᠲᠡᠭᠦᠰᠦᠭᠰᠡᠨ ᠰᠣᠷᠣᠭᠴᠢᠳ ︵ᠳᠡᠭᠡᠳᠦ ᠰᠤᠷᠭᠠᠭᠤᠯᠢ ᠶᠢᠨ ᠲᠡᠭᠦᠰᠬᠦ ᠭᠡᠷᠡᠴᠢᠯᠡᠯ ᠢᠶᠠᠷ ᠪᠠᠲᠤᠯᠠᠭᠰᠠᠨ ᠲᠡᠭᠦᠰᠬᠦ ᠠᠩᠭᠢ ᠶᠢᠨ ᠰᠣᠷᠣᠭᠴᠢ ᠪᠠᠭᠲᠠᠨ᠎ᠠ︶ ᠲᠤ ᠬᠥᠮᠥᠨ ᠪᠦᠷᠢ ᠳᠤ 1.2 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠭᠤᠨ᠎ᠠ᠃ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ︵ᠳᠡᠭᠡᠳᠦ ᠰᠤᠷᠭᠠᠭᠤᠯᠢ ᠶᠢᠨ ᠲᠡᠭᠦᠰᠬᠦ ᠭᠡᠷᠡᠴᠢᠯᠡᠯ ᠢᠶᠠᠷ ᠪᠠᠲᠤᠯᠠᠭᠰᠠᠨ ᠲᠡᠭᠦᠰᠬᠦ ᠠᠩᠭᠢ ᠶᠢᠨ ᠰᠣᠷᠣᠭᠴᠢ ᠪᠠᠭᠲᠠᠨ᠎ᠠ︶ ᠲᠤ ᠬᠥᠮᠥᠨ ᠪᠦᠷᠢ ᠳᠤ 1 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠭᠤᠨ᠎ᠠ᠃      ᠬᠤᠶᠠᠷ᠂ ᠵᠠᠷᠤᠳᠠᠯ ᠤᠨ ᠢᠷᠡᠯᠲᠡ      2023 ᠣᠨ ᠠᠴᠠ ᠡᠬᠢᠯᠡᠨ᠂ ᠶᠡᠭᠡ ᠰᠤᠷᠭᠠᠭᠤᠯᠢ ᠠᠴᠠ ᠲᠡᠭᠦᠰᠦᠭᠰᠡᠨ ᠰᠣᠷᠣᠭᠴᠢᠳ ᠤᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠬᠠᠷᠠᠭᠠᠯᠵᠠᠯ ᠤᠨ ᠱᠠᠩᠨᠠᠯ ᠤᠨ ᠮᠥᠩᠭᠦ ᠶᠢ ᠣᠨ ᠤ ᠲᠥᠰᠥᠪ ᠲᠤ ᠣᠷᠣᠭᠤᠯᠵᠤ᠂ ᠬᠡᠷᠡᠭᠰᠡᠬᠦ ᠪᠡᠯᠡ ᠮᠥᠩᠭᠦ ᠶᠢ ᠬᠤᠲᠠ᠂ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠠᠴᠠ 5᠄ 5  ᠪᠠᠷ ᠬᠤᠪᠢᠶᠠᠨ ᠡᠭᠦᠷᠭᠡᠯᠡᠨ᠎ᠡ᠃      ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠬᠤᠲᠠ᠂ ᠲᠣᠭᠤᠷᠢᠭ ᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠲᠤᠷᠠᠨ ᠵᠣᠬᠢᠴᠠᠭᠤᠯᠬᠤ ᠪᠠᠨ ᠴᠢᠩᠭᠠᠳᠬᠠᠵᠤ᠂ ᠭᠦᠨᠵᠡᠭᠡᠢ ᠪᠥᠭᠡᠳ ᠥᠷᠭᠡᠨ ᠢᠶᠠᠷ ᠤᠬᠠᠭᠤᠯᠵᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠤ᠂ ᠶᠡᠭᠡ ᠰᠤᠷᠭᠠᠭᠤᠯᠢ ᠲᠡᠭᠦᠰᠦᠭᠰᠡᠨ ᠰᠣᠷᠣᠭᠴᠢᠳ ᠤᠨ ᠴᠡᠷᠢᠭ ᠲᠤ ᠣᠷᠣᠬᠤ ᠶᠢ ᠱᠠᠩᠨᠠᠬᠤ ᠲᠥᠷᠥ ᠶᠢᠨ ᠪᠣᠳᠣᠯᠭ᠎ᠠ ᠶᠢ ᠦᠨᠡᠨᠬᠦ ᠪᠣᠳᠠᠲᠠᠶᠢᠵᠢᠭᠤᠯᠬᠤ ᠬᠡᠷᠡᠭᠲᠡᠢ᠃      ︵ᠬᠤᠶᠠᠷ︶ ᠴᠡᠷᠢᠭ ᠲᠤ ᠡᠯᠰᠡᠭᠳᠡᠭᠰᠡᠨ ᠶᠡᠭᠡ ᠰᠤᠷᠭᠠᠭᠤᠯᠢ ᠲᠡᠭᠦᠰᠦᠭᠰᠡᠨ ᠰᠣᠷᠣᠭᠴᠢᠳ ᠤᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠱᠠᠩᠨᠠᠯ ᠤᠨ ᠮᠥᠩᠭᠦ ᠶᠢ ᠴᠡᠷᠢᠭ ᠲᠤ ᠡᠯᠰᠡᠭᠳᠡᠭᠰᠡᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠳᠠᠷᠠᠭ᠎ᠠ ᠵᠢᠯ ᠳᠤᠨᠢ ᠴᠡᠷᠢᠭ ᠲᠤ ᠣᠷᠣᠭᠰᠠᠨ ᠬᠠᠷᠠᠭᠠᠯᠵᠠᠯ ᠤᠨ ᠮᠥᠩᠭᠦ ᠯᠦᠭᠡ ᠬᠠᠮᠲᠤ ᠳᠤᠨᠢ ᠣᠯᠭᠤᠨ᠎ᠠ᠃               ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ               ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠥᠪᠥᠷ ᠮᠣᠩᠭᠤᠯ ᠤᠨ               ᠦᠬᠠᠢ ᠶᠢᠨ ᠴᠡᠷᠢᠭ ᠤᠨ ᠬᠤᠪᠢᠶᠠᠷᠢ ᠲᠤᠭᠤᠷᠢᠭ
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号