ᠤᠳᠠ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠢᠴᠢᠯ ᠸᠢᠳᠢᠤ᠋ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/7/5
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠤᠬᠠᠭᠤᠯᠤᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠴᠢᠨᠠᠭᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 30 ᠤ ᠡᠳᠦᠷ᠂ ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠲᠠᠭᠠᠶ᠎ᠠ — ᠤᠳᠠ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠢᠴᠢᠯ ᠸᠢᠳᠢᠤ᠋ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠡᠬᠢᠯᠡᠪᠡ᠃      ᠲᠣᠰ ᠤᠳᠠᠭᠠᠨ ᠤ ᠪᠢᠴᠢᠯ ᠸᠧᠳᠢᠤ᠋ ᠶᠢᠨ ᠤᠷᠤᠯᠳᠤᠭᠠᠨ ᠳᠤ ᠤᠳᠠ ᠲᠣᠭᠤᠷᠢᠭ ᠤᠨ 7 ᠳᠤᠮᠳᠠᠳᠤ ᠪᠠᠭ᠎ᠠ ᠰᠤᠷᠭᠠᠭᠤᠯᠢ ᠶᠢᠨ 32 ᠬᠤᠪᠢ ᠤᠷᠤᠯᠳᠤᠭᠠᠨ ᠳᠤ ᠣᠷᠣᠯᠴᠠᠭᠰᠠᠨ ᠪᠦᠲᠦᠭᠡᠯ ᠢ ᠬᠦᠯᠢᠶᠡᠨ ᠠᠪᠤᠪᠠ᠃ ᠰᠢᠯᠭᠠᠷᠠᠭᠤᠯᠬᠤ ᠺᠣᠮᠢᠰ ᠤᠨ ᠠᠩᠬᠠᠨ ᠤ ᠬᠢᠨᠠᠯᠲᠠ ᠪᠠᠷ ᠳᠠᠮᠵᠢᠭᠠᠳ ᠤᠷᠤᠯᠳᠤᠭᠠᠨ ᠳᠤ ᠣᠷᠣᠯᠴᠠᠭᠰᠠᠨ 10 ᠣᠷᠣᠯᠳᠣᠭᠠᠨ ᠳᠤ ᠣᠷᠣᠯᠴᠠᠭᠰᠠᠳ ᠰᠢᠢᠳᠪᠦᠷᠢᠲᠦ ᠤᠷᠤᠯᠳᠤᠭᠠᠨ ᠳᠤ ᠣᠷᠣᠭᠰᠠᠨ ᠪᠠᠶᠢᠨ᠎ᠠ᠃ ᠰᠢᠢᠳᠪᠦᠷᠢᠲᠦ ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠨ ᠪᠠᠭᠰᠢ ᠨᠠᠷ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠤᠳᠠ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠵᠠᠩ ᠢᠦᠢ ᠪᠠᠭᠰᠢ ᠶᠢᠨ ︽ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠠᠭᠠᠴᠤᠳ ᠤᠨ ᠬᠠᠷᠢᠭᠤᠴᠠᠯᠭ᠎ᠠ ᠶᠢ ᠡᠬᠦᠷᠭᠡᠯᠶ᠎ᠡ︾ ᠬᠡᠬᠦ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠨᠢ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ ᠭᠥᠷᠳᠡᠪᠡ᠃      ᠣᠶᠢᠯᠠᠭᠠᠭᠰᠠᠨ ᠢᠶᠠᠷ᠂ ᠤᠳᠠ ᠲᠣᠭᠤᠷᠢᠭ ᠤᠨ ᠬᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠢᠴᠢᠯ ᠸᠢᠳᠢᠤ᠋ ᠶᠢᠨ ᠤᠷᠤᠯᠳᠤᠭᠠᠨ ᠢ ᠰᠢᠨ᠎ᠡ ᠶᠢ ᠡᠭᠦᠳᠦᠨ ᠡᠷᠭᠢᠯᠡᠵᠦ ᠪᠠᠶᠢᠭ᠎ᠠ ᠨᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠨᠢᠭᠡ ᠤᠳᠠᠭᠠᠨ ᠤ ᠰᠦᠪᠡᠭᠴᠢᠯᠡᠯᠲᠡ ᠪᠠ ᠲᠤᠷᠰᠢᠯᠲᠠ ᠮᠥᠨ᠂ ᠡᠭᠦᠨ ᠤ ᠵᠣᠷᠢᠯᠭ᠎ᠠ ᠨᠢ ᠡᠯ᠎ᠡ ᠰᠤᠷᠭᠠᠭᠤᠯᠢ ᠶᠢᠨ ᠬᠤᠭᠤᠷᠣᠨᠳᠣᠬᠢ᠂ ᠪᠠᠭᠰᠢ ᠶᠢᠨ ᠬᠤᠭᠤᠷᠣᠨᠳᠣᠬᠢ ᠰᠣᠯᠢᠯᠴᠠᠭ᠎ᠠ ᠶᠢ ᠠᠬᠢᠭᠤᠯᠵᠤ᠂ ᠤᠳᠠ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠷᠭᠡᠳᠬᠡᠯ ᠪᠠ ᠰᠤᠳᠤᠯᠭᠠᠨ ᠢ ᠲᠦᠯᠬᠢᠨ ᠠᠬᠢᠭᠤᠯᠵᠤ᠂ ᠪᠦᠲᠦᠮᠵᠢᠲᠡᠶ᠂ ᠬᠦᠴᠦᠲᠡᠢ᠂ ᠰᠡᠳᠬᠢᠭᠳᠡᠯ ᠲᠠᠢ ᠥᠷᠲᠡᠭ ᠤᠨ ᠵᠢᠯᠣᠭᠤᠳᠤᠯᠭ᠎ᠠ ᠶᠢ ᠪᠡᠶᠡᠯᠡᠭᠦᠯᠬᠦ ᠶᠢᠨ ᠲᠥᠯᠥᠭᠡ ᠶᠤᠮ᠃ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠪᠠ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠶᠣᠰᠣ ᠰᠤᠷᠲᠠᠬᠤᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ  ᠢᠶᠠᠨ ᠳᠡᠭᠡᠭᠰᠢᠯᠡᠭᠦᠯᠬᠦ ᠪᠤᠯᠤᠨ᠎ᠠ᠃      ᠤᠳᠠ ᠲᠣᠭᠤᠷᠢᠭ ᠤᠨ ᠬᠢᠨ ᠲᠤᠰ ᠤᠳᠠᠭᠠᠨ ᠤ ᠤᠷᠤᠯᠳᠤᠭᠠᠨ ᠤ ᠠᠵᠢᠯᠯᠠᠭ᠎ᠠ ᠪᠠᠷ ᠡᠬᠢᠯᠡᠯᠲᠡ ᠶᠢᠨ ᠴᠢᠭ ᠪᠣᠯᠭᠠᠵᠤ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠶᠢ ᠰᠦᠪᠡᠭᠴᠢᠯᠡᠵᠦ᠂ ᠥᠷᠭᠡᠨ ᠤᠯᠠᠨ ᠪᠠᠭᠰᠢ ᠨᠠᠷ ᠢᠶᠠᠨ ᠲᠠᠶᠢᠴᠢᠯᠠᠨ ᠤᠬᠠᠮᠰᠠᠷ ᠠᠴᠠ ᠪᠠᠨ ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠡᠭᠦᠷᠭᠡᠲᠦ ᠤᠬᠠᠮᠰᠠᠷ ᠪᠣᠯᠣᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠤᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠨᠢ ᠵᠤᠵᠠᠭᠠᠳᠬᠠᠵᠤ᠂ ᠵᠠᠩ ᠮᠣᠷᠠᠯ ᠤᠨ ᠪᠣᠯᠪᠠᠰᠤᠷᠠᠯ ᠢ ᠨᠢ ᠴᠢᠩᠭᠠᠳᠬᠠᠵᠤ᠂ ᠦᠵᠡᠯᠳᠡ ᠮᠡᠳᠡᠯᠭᠡ ᠶᠢ  ᠨᠢ ᠨᠡᠮᠡᠭᠳᠡᠭᠦᠯᠦᠨ᠂ ᠶᠡᠷᠦᠩᠬᠡᠶᠢᠯᠡᠭᠰᠡᠨ ᠬᠡᠪ ᠴᠢᠨᠠᠷ ᠢ ᠨᠢ ᠳᠡᠭᠡᠭᠰᠢᠯᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠨᠡᠩ ᠤᠯᠠᠨ ᠬᠥᠮᠥᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠪᠤᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号