ᠰᠤᠷᠤᠭᠴᠢᠳ ᠤᠨ ᠠᠮᠠᠷᠠᠯᠳᠠ ᠶᠢᠨ ᠠᠮᠢᠳᠤᠷᠠᠯ
ᠨᠡᠶᠢᠲᠡᠯᠡᠭᠰᠡᠨ ᠴᠠᠭ᠄
2023/8/21
     ᠠᠮᠠᠷᠠᠯᠳᠠ ᠳᠠᠬᠢ ᠭᠡᠥᠭᠡᠳ ᠤᠨ ᠠᠵᠢᠯᠯᠠᠵᠤ ᠠᠮᠠᠷᠠᠬᠤ ᠶᠢ ᠵᠤᠬᠢᠰᠳᠠᠢ ᠲᠤᠬᠢᠷᠠᠭᠤᠯᠬᠤ ᠨᠢ ᠭᠡᠷ ᠤᠨ ᠠᠬᠠᠮᠠᠳ  ᠤᠨ ᠭᠡᠥᠭᠡᠳ ᠢ ᠰᠤᠷᠭᠠᠬᠤ ᠴᠢᠬᠤᠯᠠ ᠨᠢᠭᠡᠨ ᠠᠭᠤᠯᠭ᠎ᠠ ᠮᠦᠨ᠃ ᠤᠴᠢᠷ ᠨᠢ ᠠᠮᠠᠷᠠᠯᠳᠠ ᠪᠤᠯᠤᠭᠰᠠᠭᠠᠷ ᠯᠡ ᠭᠡᠥᠭᠡᠳ  ᠤᠨ ᠤᠷᠴᠢᠨ ᠲᠤᠭᠤᠷᠢᠨ ᠨᠢ ᠰᠤᠯᠢᠭᠳᠠᠬᠤ ᠲᠤᠯᠠ᠂ ᠰᠤᠷᠭᠠᠨ ᠬᠦᠮᠦᠵᠢᠯ ᠨᠢ ᠴᠦ ᠲᠠᠭᠠᠨ ᠬᠤᠪᠢᠷᠠᠬᠤ ᠶᠤᠮ᠃ ᠭᠡᠷᠪᠡ ᠡᠨᠡᠬᠦ ᠬᠤᠭᠤᠴᠠᠭ᠎ᠠ ᠶᠢ ᠰᠠᠶᠢᠳᠤᠷ ᠲᠤᠬᠢᠷᠠᠭᠤᠯᠪᠠᠯ ᠠᠮᠠᠷᠠᠯᠳᠠ ᠲᠡᠭᠦᠰᠦᠭᠡᠳ ᠰᠤᠷᠭᠠᠭᠤᠯᠢ ᠡᠬᠢᠯᠡᠭᠦ ᠦᠶᠡᠰ᠂ ᠭᠡᠥᠭᠡᠳ ᠤᠨ ᠤᠬᠠᠭᠠᠨ ᠲᠦᠭᠦᠭᠡ ᠨᠢ ᠨᠡᠮᠡᠭᠳᠡᠵᠤ ᠪᠦᠬᠦ ᠲᠠᠯ᠎ᠠ ᠪᠠᠷ ᠬᠤᠪᠢᠷᠠᠯᠳᠠ ᠭᠠᠷᠬᠤ ᠶᠤᠮ᠃ ᠭᠡᠷᠪᠡ ᠲᠡᠶᠢᠮᠦ ᠪᠢᠰᠢ ᠪᠤᠯ ᠵᠠᠷᠢᠮ ᠰᠤᠷᠤᠭᠴᠢ ᠲᠠᠷᠤᠢ ᠠᠮᠠᠷᠠᠯᠳᠠ ᠶᠢᠨ ᠬᠤᠭᠤᠴᠠᠭᠠᠨ ᠳᠤ ᠮᠠᠭᠤ ᠰᠤᠷᠳᠠᠯ ᠲᠠᠢ ᠪᠤᠯᠵᠤ ᠮᠡᠳᠡᠨ᠎ᠡ᠃ ᠡᠳᠡᠭᠡᠷ ᠨᠢ ᠪᠦᠷ ᠭᠡᠷ ᠤᠨ ᠠᠬᠠᠮᠠᠳ ᠤᠨ ᠠᠮᠠᠷᠠᠯᠳᠠ ᠶᠢᠨ ᠠᠮᠢᠳᠤᠷᠠᠯ ᠢ ᠰᠠᠶᠢᠳᠤᠷ ᠲᠤᠬᠢᠷᠠᠭᠤᠯᠤᠨ ᠬᠠᠨᠢᠵᠤ ᠭᠦᠢᠴᠡᠳᠭᠡᠭᠰᠡᠨ ᠡᠰᠡᠭᠦ ᠲᠠᠢ ᠰᠢᠭᠤᠳ ᠬᠤᠯᠪᠤᠭᠳᠠᠯ ᠲᠠᠢ ᠶᠤᠮ᠃ ᠡᠶᠢᠮᠦ ᠠᠴᠠ ᠭᠡᠷ ᠤᠨ ᠠᠬᠠᠮᠠᠳ ᠲᠤᠥᠷᠠᠬᠢ ᠭᠡᠳᠦᠨ ᠲᠠᠯ᠎ᠠ ᠶᠢ ᠠᠩᠬᠠᠷᠴᠤ ᠯᠠᠪᠯᠠᠯᠳᠠ ᠪᠤᠯᠭᠠᠨ ᠬᠢᠬᠦ ᠶᠢ ᠬᠦᠰᠡᠶ᠎ᠡ᠄      1.ᠪᠤᠳᠠᠳᠤ ᠪᠠᠶᠢᠳᠠᠯ ᠢ ᠦᠨᠳᠦᠰᠦᠯᠡᠨ ᠠᠮᠠᠷᠠᠯᠳᠠ ᠶᠢᠨ ᠬᠤᠭᠤᠴᠠᠭᠠᠨ ᠳᠤ ᠲᠤᠬᠢᠷᠠᠬᠤ ᠲᠥᠯᠦᠪᠯᠡᠭᠡ ᠵᠤᠬᠢᠶᠠᠨ ᠡᠳᠦᠷ ᠪᠦᠷᠢ ᠶᠢᠨ ᠠᠵᠢᠯᠯᠠᠵᠤ ᠠᠮᠠᠷᠠᠬᠤ ᠴᠠᠭ ᠲᠠᠢ ᠨᠢ ᠲᠤᠬᠢᠷᠠᠭᠤᠯᠤᠨ ᠶᠠᠪᠤᠭᠳᠠᠭᠤᠯᠬᠤ ᠭᠡᠷᠡᠭᠳᠡᠢ᠃ ᠰᠤᠷᠭᠠᠭᠤᠯᠢ ᠠᠴᠠ ᠪᠠᠨ ᠭᠠᠷᠴᠤ᠂ ᠠᠩᠭᠢ ᠠᠴᠠ ᠪᠠᠨ ᠰᠠᠯᠤᠭᠰᠠᠨ ᠠᠴᠠ ᠨᠠᠰᠢ ᠡᠶᠢᠮᠦ ᠨᠢᠭᠡᠨ ᠲᠦᠷᠢᠮ ᠲᠤᠭᠳᠠᠭᠠᠯ  ᠢᠶᠠᠷ ᠪᠡᠶ᠎ᠡ ᠪᠠᠨ ᠱᠠᠭᠠᠷᠳᠠᠬᠤ ᠦᠭᠡᠢ ᠶᠤᠮ ᠪᠤᠯ ᠡᠳᠦᠷ ᠲᠤᠵᠢ ᠲᠦᠢᠯ ᠤᠨ ᠰᠤᠯᠠ ᠵᠠᠳᠠᠭᠠᠢ ᠪᠠᠶᠢᠳᠠᠯ ᠳᠤ ᠤᠷᠤᠵᠤ᠂ ᠴᠢᠨᠠᠭᠰᠢᠯᠠᠪᠠᠯ ᠨᠡᠶᠢᠭᠡᠮ ᠲᠡᠭᠡᠷᠡᠬᠢ ᠡᠯ᠎ᠡ ᠵᠦᠢᠯ ᠤᠨ ᠠᠰᠢᠭ ᠦᠭᠡᠢ ᠦᠢᠯᠡ ᠠᠵᠢᠯᠯᠠᠭ᠎ᠠ ᠳᠤ ᠴᠦ ᠨᠦᠯᠦᠭᠡᠯᠡᠭᠳᠡᠵᠤ ᠮᠡᠳᠡᠨ᠎ᠡ᠃ ᠡᠶᠢᠮᠦ ᠠᠴᠠ ᠭᠡᠷ ᠤᠨ ᠠᠬᠠᠮᠠᠳ ᠠᠴᠠ ᠰᠤᠷᠭᠠᠭᠤᠯᠢ ᠶᠢᠨ ᠱᠠᠭᠠᠷᠳᠠᠯᠭ᠎ᠠ ᠶᠢ ᠦᠨᠳᠦᠰᠦᠯᠡᠵᠤ᠂ ᠭᠡᠥᠭᠡᠳ ᠢ ᠵᠢᠮ᠎ᠡ ᠶᠤᠰᠤᠳᠠᠢ ᠪᠠᠷ ᠠᠮᠢᠳᠤᠷᠠᠨ ᠰᠤᠷᠤᠯᠴᠠᠭᠤᠯᠤᠨ᠎ᠠ᠃      2.ᠭᠡᠷ ᠪᠦᠯᠢ ᠳᠠᠬᠢ ᠠᠷ ᠰᠠᠷ ᠠᠵᠢᠯ ᠬᠢᠭᠡᠳ ᠰᠤᠷᠤᠯᠭ᠎ᠠ ᠶᠢ ᠤᠮᠳᠤᠭᠠᠶᠢᠯᠠᠵᠤ ᠪᠤᠯᠬᠤ ᠦᠭᠡᠢ᠃ ᠵᠢᠱᠢᠶᠡᠯᠡᠪᠡᠯ᠄ ᠭᠡᠥᠭᠡᠳ ᠢ ᠵᠢᠯᠤᠭᠤᠳᠴᠤ ᠡᠳᠦᠷ ᠤᠨ ᠲᠡᠮᠳᠡᠭᠯᠡᠯ ᠬᠢᠬᠦ᠂ ᠲᠡᠮᠳᠡᠭᠯᠡᠨ ᠲᠤᠭᠠᠴᠢᠭᠰᠠᠨ ᠵᠤᠬᠢᠶᠠᠯ ᠵᠤᠬᠢᠶᠠᠬᠤ᠂ ᠠᠮᠠᠷᠠᠯᠳᠠ ᠶᠢᠨ ᠬᠤᠭᠤᠴᠠᠭᠠᠨ ᠤ ᠲᠠᠰᠬᠠᠯ ᠢᠶᠠᠨ ᠬᠢᠬᠦ᠂ ᠡᠩ ᠤᠨ ᠦᠶᠡᠰ ᠲᠤ ᠬᠢᠵᠤ ᠲᠡᠶᠢᠯᠦᠭᠰᠡᠨ ᠦᠭᠡᠢ ᠵᠠᠷᠢᠮ ᠬᠢᠴᠢᠶᠡᠯ ᠤᠨ ᠮᠡᠳᠡᠯᠭᠡ ᠪᠠᠨ ᠪᠠᠳᠤᠳᠬᠠᠬᠤ᠂ ᠨᠤᠮ ᠤᠩᠰᠢᠬᠤ᠂ ᠲᠠᠭᠤᠥ ᠬᠦᠭᠵᠢᠮ ᠰᠣᠨᠢᠷᠬᠠᠬᠤ᠂ ᠤᠷᠠᠨ ᠪᠢᠴᠢᠯᠭᠡ ᠤᠷᠤᠯᠳᠤᠬᠤ ᠵᠡᠷᠭᠡ ᠠᠯᠢ ᠤᠯᠠᠨ ᠠᠰᠢᠭᠳᠠᠢ ᠰᠠᠶᠢᠬᠠᠨ ᠠᠵᠢᠯᠯᠠᠭ᠎ᠠ ᠪᠤᠢ᠃      3.ᠲᠠᠷᠢᠬᠢ ᠲᠤᠯᠤᠭᠠᠢ ᠪᠠᠨ ᠰᠡᠷᠭᠡᠭ ᠪᠠᠶᠢᠯᠭᠠᠬᠤ ᠶᠢ ᠵᠤᠷᠢᠵᠤ᠂ ᠨᠡᠶᠢᠭᠡᠮ ᠨᠡᠶᠢᠳᠡ ᠳᠤ ᠠᠰᠢᠭᠳᠠᠢ ᠠᠵᠢᠯᠯᠠᠭ᠎ᠠ  ᠶᠢ ᠢᠯᠡᠭᠦᠥ ᠬᠢᠵᠤ᠂ ᠨᠡᠶᠢᠭᠡᠮ ᠤᠨ ᠬᠦᠳᠡᠯᠭᠡᠭᠡᠨ ᠤ ᠲᠤᠮᠳᠠ ᠠᠴᠠ ᠦᠪᠡᠷ ᠤᠨ ᠮᠡᠳᠡᠯᠭᠡ ᠪᠠᠨ ᠤᠯᠠᠮ ᠪᠠᠶᠠᠯᠢᠭᠵᠢᠭᠤᠯᠵᠤ᠂ ᠰᠤᠶᠤᠯ ᠮᠡᠳᠡᠯᠭᠡ ᠪᠠᠨ ᠨᠡᠮᠡᠭᠳᠡᠭᠦᠯᠦᠨ᠎ᠡ᠃      4.ᠭᠡᠷ ᠪᠦᠯᠢ ᠶᠢᠨ ᠠᠵᠢᠯ ᠢ ᠵᠤᠭᠢᠰᠳᠠᠢ ᠭᠢᠯᠭᠡᠨ᠎ᠡ᠃ ᠡᠭᠦᠨ ᠢᠶᠠᠷ ᠲᠠᠮᠵᠢᠨ ᠠᠪᠤ ᠡᠵᠢ ᠶᠢᠨ ᠬᠢᠨᠢ ᠬᠦᠨᠳᠦ ᠬᠦᠳᠡᠯᠮᠦᠷᠢ ᠠᠴᠠ ᠪᠠᠨ ᠪᠠᠭᠤᠵᠤ ᠢᠷᠡᠪᠡᠯ ᠡᠨᠡ ᠮᠡᠳᠦ ᠪᠠᠷ ᠭᠡᠷ ᠤᠨ ᠠᠵᠢᠯ ᠬᠢᠵᠤ ᠪᠠᠶᠢᠬᠤ ᠪᠠᠶᠢᠳᠠᠯ ᠢ ᠭᠡᠥᠭᠡᠳ  ᠲᠤ ᠠᠮᠳᠠᠯᠠᠭᠤᠯᠤᠨ ᠮᠡᠳᠡᠭᠦᠯᠬᠦ ᠶᠢᠨ ᠬᠠᠮᠳᠤ᠂ ᠪᠠᠰᠠ ᠬᠦᠳᠡᠯᠮᠦᠷᠢᠯᠡᠭᠦ ᠶᠠᠪᠤᠴᠠ ᠳᠠᠬᠢ ᠭᠡᠥᠭᠡᠳ ᠤᠨ ᠠᠮᠤᠷ ᠲᠦᠪᠰᠢᠨ ᠢ ᠪᠠᠳᠤᠯᠠᠵᠤ᠂ ᠠᠯᠢᠪᠠ ᠲᠠᠮᠠᠬᠢ᠂ ᠠᠷᠢᠬᠢ᠂ ᠠᠰᠢᠭ ᠦᠭᠡᠢ ᠲᠤᠥᠷ ᠰᠦᠯᠵᠢᠶ᠎ᠡ᠂ ᠬᠤᠥᠷᠳᠤ ᠡᠳ᠋ ᠵᠡᠷᠭᠡ ᠶᠢᠨ ᠨᠦᠯᠦᠭᠡᠯᠡᠯ ᠳᠤ ᠨᠡᠷᠪᠡᠭᠳᠡᠭᠦᠯᠵᠤ ᠪᠤᠯᠬᠤ ᠦᠭᠡᠢ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号