ᠤᠳᠠ ᠲᠣᠭᠤᠷᠢᠭ ᠤᠯᠠᠨ ᠠᠷᠭ᠎ᠠ ᠬᠡᠮᠵᠢᠶ᠎ᠡ ᠪᠠᠷ ᠣᠨᠴᠠᠯᠢᠭᠲᠤ ᠠᠵᠤ ᠦᠢᠯᠡᠰ ᠢᠶᠠᠨ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠪᠡ
ᠨᠡᠶᠢᠲᠡᠯᠡᠭᠰᠡᠨ ᠴᠠᠭ᠄
2023/8/22
     ᠡᠨᠡ ᠵᠢᠯ ᠠᠴᠠ ᠨᠠᠰᠢ᠂ ᠤᠳᠠ ᠲᠣᠭᠤᠷᠢᠭ ︽ᠳᠠᠭᠠᠭᠤᠯᠤᠭᠴᠢ ᠠᠵᠤ ᠠᠬᠤᠶᠢᠯᠠᠯ ᠳᠠᠶᠢᠴᠢᠯᠠᠬᠤ᠂ ᠵᠠᠰᠠᠭ ᠤᠨ ᠣᠷᠳᠣᠨ ᠠᠴᠠ ᠠᠬᠢᠭᠤᠯᠬᠤ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠣᠯᠭᠠᠬᠤ᠂ ᠲᠠᠷᠢᠶᠠᠴᠢᠨ ᠡᠷᠦᠭᠡ ᠬᠠᠮᠲᠤᠷᠠᠯᠴᠠᠬᠤ︾ ᠬᠥᠭᠵᠢᠯᠲᠡ ᠶᠢᠨ ᠰᠡᠳᠬᠢᠴᠡ ᠪᠠᠷ᠂ ᠣᠨᠴᠠᠯᠢᠭᠲᠤ ᠠᠵᠤ ᠦᠢᠯᠡᠰ ᠢᠶᠠᠨ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠪᠡᠯᠡᠳᠭᠡᠮᠵᠢᠳᠤ ᠦᠵᠦᠮ᠂ ᠭᠦᠵᠡᠯᠵᠡᠭᠡᠨ᠎ᠡ᠂ ᠲᠥᠪᠡᠳ ᠬᠠᠰᠢ᠂ ᠮᠦᠬᠦ ᠵᠡᠷᠭᠡ ᠴᠢᠨᠠᠷ ᠰᠠᠶᠢᠲᠠᠢ ᠵᠢᠮᠢᠰ ᠨᠣᠭᠤᠭ᠎ᠠ ᠲᠠᠷᠢᠬᠤ ᠶᠢ ᠢᠳᠡᠪᠬᠢᠲᠡᠢ ᠬᠥᠭᠵᠢᠭᠦᠯᠵᠦ᠂ ᠡᠨᠡ ᠵᠢᠯ ᠪᠡᠯᠡᠳᠭᠡᠮᠵᠢᠳᠤ ᠲᠠᠷᠢᠶᠠᠯᠠᠩ ᠤᠨ ᠲᠠᠷᠢᠮᠠᠯ ᠤᠨ ᠲᠠᠯᠠᠪᠠᠢ ᠪᠠᠨ 6.7 ᠾᠧᠺᠲ᠋ᠠᠷ ᠰᠢᠨ᠎ᠡ ᠪᠠᠷ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃      ᠤᠳᠠ ᠲᠣᠭᠤᠷᠢᠭ ᠤᠨ ︽ᠠᠮᠢ ᠠᠬᠤᠶᠢᠵᠢᠭᠰᠠᠨ᠂ ᠥᠨᠳᠥᠷ ᠦᠷ᠎ᠡ ᠠᠰᠢᠭ ᠲᠠᠢ᠂ ᠣᠨᠴᠠᠯᠢᠭ ᠲᠠᠢ᠂ ᠰᠣᠳᠣᠨ ᠪᠦᠲᠦᠭᠡᠭᠳᠡᠬᠦᠨ︾ ᠪᠦᠬᠦᠢ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ ᠬᠦᠴᠦᠯᠡᠨ ᠡᠭᠦᠳᠴᠦ᠂ ︽ᠣᠷᠭᠤᠴᠠ ᠶᠢ ᠨᠢ ᠦᠵᠡᠵᠦ ᠦᠷ᠎ᠡ ᠰᠣᠩᠭᠤᠬᠤ︾ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠦᠵᠦᠮ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠬᠤ ᠶᠢ ᠵᠣᠷᠢᠭᠵᠢᠭᠤᠯᠵᠤ᠂ ᠤᠯᠠᠨ ᠠᠷᠭ᠎ᠠ ᠵᠠᠮ ᠢᠶᠠᠷ ︽ᠦᠬᠠᠢ ᠶᠢᠨ ᠦᠵᠦᠮ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠪᠡ᠃ ᠣᠷᠣᠨ ᠪᠦᠰᠡ ᠶᠢᠨ ᠣᠨᠴᠠᠯᠢᠭ ᠲᠠᠭᠠᠨ ᠲᠦᠰᠢᠭᠯᠡᠨ᠂ ᠭᠦᠵᠡᠯᠵᠡᠭᠡᠨ᠎ᠡ᠂ ᠲᠥᠪᠡᠳ ᠬᠠᠰᠢ ᠵᠡᠷᠭᠡ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢᠶᠠᠷ ᠰᠠᠭᠤᠷᠢ ᠪᠣᠯᠭᠠᠭᠰᠠᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠪᠡ᠃ ᠡᠭᠦᠨ ᠤ ᠬᠠᠮᠲᠤ᠂ ᠡᠯ᠎ᠡ ᠲᠠᠷᠢᠶᠠᠯᠠᠩ  ᠤᠨ ᠬᠤᠷᠰᠢᠶ᠎ᠠ ᠶᠢ ᠵᠣᠬᠢᠶᠠᠨ ᠪᠠᠶᠢᠭᠤᠯᠤᠨ ᠶᠠᠳᠠᠭᠤ ᠠᠴᠠ ᠠᠩᠬᠢᠵᠢᠷᠠᠭᠰᠠᠨ ᠡᠷᠦᠬᠡ ᠶᠢᠨ ᠪᠣᠯᠪᠠᠰᠤᠷᠠᠯ ᠬᠦᠷᠳᠡᠬᠦ ᠬᠦᠰᠡᠯ ᠡᠷᠡᠮᠡᠯᠵᠡᠯ ᠪᠠ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠳᠠᠷᠢᠬᠤ ᠮᠡᠷᠭᠡᠵᠢᠯ ᠤᠨ ᠵᠢᠯᠣᠭᠤᠳᠤᠯᠭ᠎ᠠ ᠶᠢ ᠴᠢᠭᠯᠡᠭᠦᠯᠬᠦ ᠴᠢᠨᠠᠷᠲᠠᠢ ᠪᠠᠷ ᠥᠷᠨᠢᠭᠦᠯᠵᠦ᠂ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠵᠢᠮᠢᠰ ᠨᠣᠭᠤᠭ᠎ᠠ ᠳᠠᠷᠢᠬᠤ ᠮᠡᠷᠭᠡᠵᠢᠯ᠂ ᠲᠠᠷᠢᠶᠠᠨ ᠠᠵᠢᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠷᠭᠡᠵᠢᠯ ᠢ ︽ᠥᠪᠡᠷ ᠤᠨ ᠥᠷᠲᠡᠭ ᠦᠭᠡᠢ︾ ᠪᠠᠷ ᠰᠤᠷᠤᠯᠴᠠᠬᠤ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠬᠠᠷᠢᠶᠠᠲᠤ ᠣᠷᠣᠨ ᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ ᠶᠢ ᠤᠷᠢᠳᠠᠪᠠᠷ ᠬᠥᠯᠥᠰᠦᠯᠡᠨ ᠦᠢᠯᠡᠳᠪᠦᠷᠢᠯᠡᠯ ᠤᠨ ᠠᠵᠢᠯ ᠬᠢᠯᠭᠡᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠠᠵᠢᠯ ᠣᠯᠬᠤ ᠬᠡᠪᠴᠢᠶ᠎ᠡ ᠪᠠ ᠪᠠᠭᠲᠠᠭᠠᠮᠵᠢ ᠶᠢ ᠨᠢ ᠤᠯᠠᠮ ᠨᠢᠭᠡ ᠠᠯᠬᠤᠮ ᠥᠷᠭᠡᠳᠬᠡᠪᠡ᠃ ᠲᠠᠷᠢᠶᠠᠯᠠᠩ ᠤᠨ ᠬᠤᠷᠰᠢᠶ᠎ᠠ ᠨᠢ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ᠂ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠪᠣᠯᠣᠨ ᠠᠵᠤ ᠠᠬᠤᠶᠢᠯᠠᠯ ᠢ ᠬᠤᠯᠪᠣᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠠᠮᠢᠳᠤᠯᠢᠭ ᠢᠶᠠᠷ ᠠᠵᠢᠯᠴᠢᠨ ᠬᠡᠷᠡᠭᠯᠡᠬᠦ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠮᠥᠷᠲᠡᠭᠡᠨ ᠪᠠᠰᠠ ᠲᠠᠷᠢᠶᠠᠯᠠᠩ ᠤᠨ ᠬᠤᠷᠰᠢᠶ᠎ᠠ ᠶᠢᠨ ᠬᠠᠮᠲᠤ ᠶᠢᠨ ᠣᠷᠣᠯᠭ᠎ᠠ ᠪᠣᠯᠣᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃      ᠤᠳᠠ ᠲᠣᠭᠤᠷᠢᠭ ᠤᠨ ᠬᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠲᠠᠷᠢᠮᠠᠯ ᠤᠨ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ᠂ ︽ᠰᠦᠯᠵᠢᠶ᠎ᠡ ᠪᠠᠷ ᠣᠷᠣᠯᠠᠨ ᠬᠤᠳᠠᠯᠳᠤᠨ ᠠᠪᠬᠤ + ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ + ᠣᠯᠠᠨ ᠨᠡᠶᠢᠲᠡ ᠶᠢᠨ ᠦᠢᠯᠡᠴᠢᠯᠡᠭᠡ + ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ︾ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠠᠮᠢ ᠠᠬᠤᠢ ᠶᠢᠨ ᠬᠡᠯᠬᠢᠶ᠎ᠡ ᠶᠢ ᠪᠣᠶ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠰᠢᠭᠤᠳ ᠨᠡᠪᠲᠡᠷᠡᠭᠦᠯᠭᠡ ᠪᠠ ᠪᠠᠷᠠᠭ᠎ᠠ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号