ᠮᠤᠩᠭᠤᠯ ᠦᠰᠦᠭ ᠪᠢᠴᠢᠭ ᠤᠨ ᠤᠤᠭᠠᠨ ᠮᠦᠽᠸᠢ
ᠨᠡᠶᠢᠲᠡᠯᠡᠭᠰᠡᠨ ᠴᠠᠭ᠄
2023/8/28
     10 ᠰᠠᠷ᠎ᠠ ᠶᠢᠨ 16 ᠠᠴᠠ 17 ᠤ ᠡᠳᠦᠷ ᠪᠤᠯᠳᠠᠯ᠎ᠠ᠂ ᠳᠠᠳᠠᠳᠤᠩᠭ᠎ᠠ ᠨᠡᠷᠡᠮᠵᠢᠳᠤ ᠮᠤᠩᠭᠤᠯ ᠦᠰᠦᠭ ᠪᠢᠴᠢᠭ ᠤᠨ ᠮᠦᠽᠸᠢ ᠶᠢᠨ ᠨᠡᠭᠡᠭᠡᠯᠳᠡ ᠶᠢᠨ ᠶᠤᠰᠤᠯᠠᠯ ᠪᠠ ᠮᠤᠩᠭᠤᠯ ᠬᠡᠯᠡ ᠰᠤᠶᠤᠯ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠨᠠᠢᠮᠠᠨ ᠬᠤᠰᠢᠭᠤᠨ ᠤ ᠲᠦᠪ ᠲᠠᠴᠢᠨᠳᠠᠯ᠎ᠠ ᠪᠠᠯᠭᠠᠰᠤᠨ ᠳᠤ ᠶᠠᠪᠤᠭᠳᠠᠨ᠂ ᠲᠡᠯᠡᠬᠡᠢ ᠲᠡᠭᠡᠷᠡᠬᠢ ᠴᠤᠷ ᠤᠨ ᠭᠠᠭᠴᠠ ᠮᠤᠩᠭᠤᠯ ᠦᠰᠦᠭ ᠪᠢᠴᠢᠭ ᠤᠨ ᠲᠤᠰᠬᠠᠢ ᠮᠦᠽᠸᠢ ᠨᠠᠢᠮᠠᠨ ᠸᠠᠩ ᠤᠨ ᠤᠷᠳᠤᠨ ᠳᠤ ᠪᠠᠶᠢᠭᠤᠯᠤᠭᠳᠠᠭᠰᠠᠨ ᠪᠠᠶᠢᠯ᠎ᠠ᠃ ᠳᠠᠳᠠᠳᠤᠩᠭ᠎ᠠ ᠨᠡᠷᠡᠮᠵᠢᠳᠤ ᠮᠤᠩᠭᠤᠯ ᠦᠰᠦᠭ ᠪᠢᠴᠢᠭ ᠤᠨ ᠮᠦᠽᠸᠢ ᠶᠢᠨ ᠨᠡᠭᠡᠭᠡᠯᠳᠡ ᠶᠢᠨ ᠶᠤᠰᠤᠯᠠᠯ 10 ᠰᠠᠷ᠎ᠠ ᠶᠢᠨ16 ᠤ ᠦᠳᠡ ᠶᠢᠨ ᠡᠮᠦᠨ᠎ᠡ ᠶᠠᠪᠤᠭᠳᠠᠵᠦ᠂ ᠶᠤᠰᠤᠯᠠᠯ ᠲᠡᠭᠡᠷ᠎ᠡ ᠴᠦᠢᠵᠤᠩᠵᠠᠪ᠂ ᠪ᠊· ᠭᠡᠷᠡᠯᠳᠤ ᠵᠡᠷᠭᠡ ᠡᠷᠳᠡᠮᠳᠡᠨ ᠮᠡᠷᠭᠡᠳ ᠵᠢᠴᠢ ᠮᠤᠩᠭᠤᠯ ᠦᠰᠦᠭ ᠪᠢᠴᠢᠭ ᠤᠨ ᠰᠤᠶᠤᠯ ᠳᠠᠭᠠᠨ ᠬᠠᠶᠢᠷᠠᠳᠠᠢ ᠤᠯᠠᠨ ᠴᠤ ᠬᠦᠮᠦᠨ ᠤᠷᠤᠯᠴᠠᠵᠦ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ ᠪ᠊· ᠭᠡᠷᠡᠯᠳᠤ᠂ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠫᠷᠤᠹᠧᠰᠰᠤᠷ ᠪ᠊· ᠰᠦᠭᠡ᠂ ᠰᠢᠯᠢ ᠶᠢᠨ ᠭᠤᠤᠯ ᠠᠶᠢᠮᠠᠬ ᠤᠨ ᠪᠠᠷᠠᠭᠤᠨ ᠦᠵᠦᠮᠦᠴᠢᠨ ᠬᠤᠰᠢᠭᠤᠨ ᠤ ᠪᠠᠭᠰᠢ ᠲᠠᠷᠤᠴᠢᠨ ᠮᠠᠨᠳᠤᠬᠤ ᠵᠡᠷᠭᠡ ᠬᠦᠮᠦᠰ ᠮᠤᠩᠭᠤᠯ᠂ ᠬᠢᠳᠡᠳ᠂ ᠶᠠᠫᠤᠨ᠂ ᠰᠤᠯᠤᠩᠭᠤᠰ᠂ ᠤᠷᠤᠰ᠂ ᠮᠠᠨᠵᠦ᠂ ᠲᠦᠪᠡᠳ᠂ ᠺᠢᠷᠢᠯ ᠵᠡᠷᠭᠡ ᠤᠯᠠᠨ ᠲᠦᠷᠦᠯ ᠤᠨ ᠦᠰᠦᠭ ᠪᠢᠴᠢᠭ ᠢ ᠪᠠᠭᠳᠠᠭᠠᠭᠰᠠᠨ 2 ᠲᠦᠮᠡ ᠭᠠᠷᠤᠢ ᠲᠡᠪᠳᠡᠷ ᠨᠤᠮ ᠢ ᠮᠦᠽᠸᠢ ᠳᠤ ᠬᠠᠨᠳᠢᠪᠯᠠᠵᠠᠢ᠃      ᠮᠦᠽᠸᠢ ᠨᠢ ︽ᠶᠡᠷᠦᠩᠬᠡᠢ ᠤᠷᠤᠰᠢᠯ ᠤᠨ ᠲᠢᠩᠬᠢᠮ︾ ︽ᠡᠷᠡᠨ ᠵᠠᠭᠤᠨ ᠤ ᠤᠷᠴᠢᠯ︾ ᠨᠡᠷᠡᠮᠵᠢᠳᠤ ᠪᠠᠷᠠᠭᠤᠨ ᠭᠠᠷᠤᠨ ᠲᠢᠩᠬᠢᠮ᠂ ︽ᠬᠦᠭᠡ ᠮᠦᠩᠭᠡ ᠲᠡᠭᠷᠢ︾ ᠨᠡᠷᠡᠮᠵᠢᠳᠤ ᠭᠤᠤᠯ ᠲᠢᠩᠬᠢᠮ᠂ ︽ᠬᠤᠭᠤᠷ ᠴᠤᠭᠤᠷ ᠤᠨ ᠠᠶᠠᠯᠭᠤ︾ ᠨᠡᠷᠡᠮᠵᠢᠳᠤ ᠵᠡᠬᠦᠨ ᠭᠠᠷᠤᠨ ᠲᠢᠩᠬᠢᠮ ᠪᠠ ︽ᠬᠤᠷ ᠠᠬᠰᠠᠬᠰᠠᠨ ᠬᠤᠷᠢᠨ ᠰᠡᠴᠡᠳ︾ ᠨᠡᠷᠡᠮᠵᠢᠳᠤ ᠭᠡᠷᠡᠮ ᠤᠨ ᠰᠡᠶᠢᠯᠦᠮᠡᠯ ᠤᠨ ᠦᠵᠡᠮᠵᠢ᠂ ︽ᠮᠦᠩᠭᠡ ᠤᠷᠤᠰᠢᠬᠤ ᠮᠤᠩᠭᠤᠯ ᠪᠢᠴᠢᠭ︾ ᠨᠡᠷᠡᠮᠵᠢᠳᠤ ᠴᠢᠯᠠᠭᠤᠨ ᠬᠦᠰᠢᠶ᠎ᠠ ᠶᠢᠨ ᠦᠵᠡᠮᠵᠢ ᠪᠠᠷ ᠪᠦᠷᠢᠯᠳᠦᠨ᠂ ᠤᠮᠠᠷᠠᠳᠤ ᠶᠢᠨ ᠦᠨᠳᠦᠰᠦᠳᠡᠨ ᠨᠦᠭᠦᠳ ᠪᠠ ᠮᠤᠩᠭᠤᠯ ᠲᠤᠭᠤᠷᠭᠠᠳᠠᠨ ᠤ ᠵᠤᠬᠢᠶᠠᠬᠰᠠᠨ ᠪᠤᠶᠤ ᠭᠡᠷᠡᠭᠯᠡᠭᠰᠡᠨ ᠾᠦᠩᠨᠦ ᠲᠦᠷᠺ ᠰᠢᠰᠲ᠋ᠧᠮ ᠤᠨ ᠦᠰᠦᠭ᠂ ᠰᠠᠨᠰᠺᠷᠢᠲ ᠲᠦᠪᠡᠳ ᠰᠢᠰᠲ᠋ᠧᠮ ᠤᠨ ᠦᠰᠦᠭ ︵ᠫᠠᠷᠠᠬᠮᠢ ᠦᠰᠦᠭ ᠪᠠᠭᠳᠠᠨ᠎ᠠ︶᠂ ᠰᠤᠭᠳᠠ ᠤᠢᠢᠭᠤᠷ ᠰᠢᠰᠲ᠋ᠧᠮ ᠤᠨ ᠦᠰᠦᠭ᠂ ᠠᠷᠠᠪ ᠫᠧᠷᠰ ᠰᠢᠰᠲ᠋ᠧᠮ ᠤᠨ ᠦᠰᠦᠭ᠂ ᠬᠢᠳᠡᠳ ᠰᠢᠰᠲ᠋ᠧᠮ ᠤᠨ ᠦᠰᠦᠭ ︵ᠬᠢᠳᠡᠨ᠂ ᠵᠦᠷᠴᠢᠨ᠂ ᠲᠠᠩᠭᠤᠳ ᠦᠰᠦᠭ ᠢ ᠪᠠᠭᠳᠠᠭᠠᠨ᠎ᠠ︶ ᠵᠡᠷᠭᠡ ᠲᠠᠪᠤᠨ ᠶᠡᠭᠡ ᠲᠦᠷᠦᠯ ᠤᠨ ᠬᠤᠷᠢᠭᠠᠳ ᠵᠦᠢᠯ ᠤᠨ ᠦᠰᠦᠭ ᠪᠢᠴᠢᠭ ᠢ ᠲᠤᠪᠴᠢ ᠲᠠᠨᠢᠯᠴᠠᠭᠤᠯᠤᠭᠰᠠᠨ ᠪᠦᠭᠡᠳ ᠵᠢᠷᠤᠭ ᠪᠠ ᠠᠷᠠᠰᠤᠨ ᠤᠷᠠᠯᠠᠯ ᠤᠨ ᠬᠡᠯᠪᠡᠷᠢ ᠪᠠᠷ ᠴᠢᠩᠬᠢᠰ ᠬᠠᠭᠠᠨ ᠲᠠᠳᠠᠳᠤᠩᠭ᠎ᠠ ᠬᠤᠶᠠᠷ ᠤᠨ ᠠᠭᠤᠯᠵᠠᠯᠳᠠ ᠵᠢᠴᠢ ᠤᠢᠢᠭᠤᠷᠵᠢᠨ ᠮᠤᠩᠭᠤᠯ ᠦᠰᠦᠭ ᠢ ᠶᠡᠭᠡ ᠮᠤᠩᠭᠤᠯ ᠤᠯᠤᠰ ᠪᠠ ᠲᠦᠷᠪᠡᠨ ᠬᠠᠨᠳᠤ ᠤᠯᠤᠰ ᠤᠨ ᠭᠡᠪᠴᠢᠶᠡᠨ᠎ᠡ ᠲᠡᠯᠭᠡᠷᠡᠬᠦᠯᠦᠭᠰᠡᠨ ᠪᠠᠶᠢᠳᠠᠯ ᠢ ᠲᠠᠨᠢᠯᠴᠠᠭᠤᠯᠵᠠᠢ᠃ ᠡᠷᠳᠡᠨ ᠤ ᠰᠢᠳᠦᠭ ︵ᠪᠡᠭᠡ ᠶᠢᠨ ᠵᠢᠭᠤᠷᠤᠯ︶᠂ ᠡᠷᠳᠡᠨ ᠤ ᠴᠠᠭᠠᠰᠤ ᠲᠠᠷᠤᠬᠤ ᠱᠤᠭᠤᠮ᠂ ᠡᠷᠳᠡᠨ ᠤ ᠲᠠᠮᠠᠭ᠎ᠠ᠂ ᠡᠷᠳᠡᠨ ᠤ ᠲᠠᠩᠭᠤᠳ ᠦᠰᠦᠭ ᠤᠨ ᠵᠡᠰ ᠭᠡᠪ ᠵᠡᠷᠭᠡ ᠡᠷᠳᠡᠨ ᠤ ᠡᠳ᠋ ᠦᠯᠦᠭ ᠪᠠᠶᠢᠬᠤ ᠪᠦᠭᠡᠳ ︽ᠪᠠᠳᠮ᠎ᠠ ᠭᠠᠳᠠᠩ ᠰᠤᠳᠤᠷ︾ ︽ᠭᠡᠰᠡᠷ ᠤᠨ ᠲᠤᠭᠤᠵᠢ︾ ᠵᠡᠷᠭᠡ ᠬᠤᠪᠤᠷ ᠴᠤᠬᠠᠭ ᠰᠤᠷᠪᠤᠯᠵᠢ ᠪᠢᠴᠢᠭ ᠢ ᠲᠡᠯᠭᠡᠨ ᠦᠵᠡᠬᠦᠯᠵᠦ᠂ ᠲᠠᠳᠠᠳᠤᠩᠭ᠎ᠠ᠂ ᠫᠠᠭᠪᠠ᠂ ᠴᠦᠢᠵᠢᠡᠤᠳᠽᠡᠷ ᠵᠡᠷᠭᠡ ᠮᠤᠩᠭᠤᠯ ᠦᠰᠦᠭ ᠪᠢᠴᠢᠭ ᠤᠨ ᠬᠦᠭᠵᠢᠯᠳᠡ ᠶᠢᠨ ᠲᠡᠦᠭᠡᠨ ᠳᠤ ᠤᠨᠴᠠᠭᠠᠢ ᠭᠠᠪᠢᠶ᠎ᠠ ᠵᠢᠳᠬᠦᠯ ᠦᠵᠡᠬᠦᠯᠦᠭᠰᠡᠨ 20 ᠰᠡᠴᠡᠳ ᠢ 24 ᠡᠷᠳᠡᠨ ᠤ ᠨᠡᠷᠡᠳᠤ ᠬᠦᠰᠢᠶᠡᠨ ᠪᠢᠴᠢᠭ ᠪᠠ ᠵᠤᠬᠢᠶᠠᠯ ᠪᠦᠲᠦᠭᠡᠯ ᠢ ᠴᠢᠯᠠᠭᠤᠨ ᠲᠡᠭᠡᠷ᠎ᠡ ᠰᠡᠶᠢᠯᠦᠨ ᠦᠵᠡᠮᠦᠷᠢ ᠪᠤᠯᠭᠠᠵᠠᠢ᠃      ︽ᠳᠠᠳᠠᠳᠤᠩᠭ᠎ᠠ ᠨᠡᠷᠡᠮᠵᠢᠳᠤ ᠮᠤᠩᠭᠤᠯ ᠦᠰᠦᠭ ᠪᠢᠴᠢᠭ ᠤᠨ ᠮᠦᠽᠸᠢ ᠪᠠᠶᠢᠭᠤᠯᠤᠭᠳᠠᠭᠰᠠᠨ ᠨᠢ ᠤᠮᠠᠷᠠᠳᠤ ᠶᠢᠨ ᠡᠯ᠎ᠡ ᠦᠨᠳᠦᠰᠦᠳᠡᠨ ᠤ ᠦᠭᠡ ᠭᠡᠯᠡ ᠦᠰᠦᠭ ᠪᠢᠴᠢᠭ ᠤᠨ ᠰᠤᠳᠤᠯᠭᠠᠨ ᠳᠤ ᠰᠤᠷᠤᠯᠴᠠᠬᠤ᠂ ᠰᠤᠯᠢᠯᠴᠠᠬᠤ᠂ ᠰᠦᠪᠡᠭᠴᠢᠯᠡᠬᠦ ᠵᠢᠴᠢ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ᠂ ᠤᠯᠠᠮᠵᠢᠯᠠᠨ ᠬᠦᠭᠵᠢᠬᠦᠯᠬᠦ ᠲᠠᠪᠴᠠᠩ ᠬᠠᠩᠭᠠᠬᠰᠠᠨ ᠢᠶᠠᠷ ᠪᠠᠷᠠᠬᠤ ᠦᠭᠡᠢ ᠮᠤᠩᠭᠤᠯ ᠦᠰᠦᠭ ᠪᠢᠴᠢᠭ ᠤᠨ ᠲᠡᠦᠭᠡ ᠶᠢ ᠰᠤᠳᠤᠯᠬᠤ ᠨᠢᠭᠡᠨ ᠰᠠᠭᠤᠷᠢᠨ ᠪᠤᠯᠤᠭᠰᠠᠨ ᠢᠶᠠᠷ ᠢᠶᠠᠨ ᠡᠷᠳᠡᠮ ᠰᠢᠨᠵᠢᠯᠡᠭᠡᠨ ᠤ ᠦᠨ᠎ᠡ ᠦᠷᠳᠡᠭ ᠲᠠᠢ ᠪᠦᠭᠡᠳ ᠨᠡᠶᠢᠭᠡᠮ ᠰᠤᠶᠤᠯ ᠤᠨ ᠦᠨ᠎ᠡ ᠦᠷᠳᠡᠭ ᠲᠠᠢ᠃ ᠡᠬᠦᠨ ᠢᠶᠠᠷ ᠪᠠᠷᠠᠬᠤ ᠦᠭᠡᠢ ︿ᠨᠢᠭᠡ ᠪᠦᠰᠡ ᠨᠢᠭᠡ ᠵᠠᠮ﹀ ᠲᠠᠭᠠᠤ ᠤᠯᠤᠰ ᠤᠳ ᠤᠨ ᠦᠭᠡ ᠭᠡᠯᠡ ᠦᠰᠦᠭ ᠪᠢᠴᠢᠭ ᠤᠨ ᠰᠤᠶᠤᠯ ᠤᠨ ᠰᠤᠳᠤᠯᠭᠠᠨ ᠤ ᠲᠠᠯ᠎ᠠ ᠪᠠᠷ ᠴᠤ ᠠᠯᠤᠰ ᠭᠡᠳᠦ ᠶᠢᠨ ᠠᠴᠢ ᠬᠤᠯᠪᠤᠭᠳᠠᠯ ᠲᠠᠢ᠃ ᠡᠷᠳᠡᠨ ᠤ ᠮᠤᠩᠭᠤᠯ ᠨᠤᠮ ᠪᠢᠴᠢᠭ᠂ ᠰᠤᠷᠪᠤᠯᠵᠢ ᠪᠢᠴᠢᠭ ᠢ ᠴᠤᠬᠯᠠᠭᠤᠯᠤᠨ ᠡᠮᠬᠢᠳᠭᠡᠵᠦ᠂ ᠤᠯᠠᠮᠵᠢᠯᠠᠨ ᠬᠠᠮᠠᠭᠠᠯᠠᠨ᠂ ᠲᠡᠬᠦᠨ ᠤ ᠲᠤᠳᠤᠷᠠᠬᠢ ᠦᠨᠳᠦᠰᠦᠳᠡᠨ ᠤ ᠪᠦᠯᠬᠦᠮᠳᠡᠯ ᠤᠨ ᠦᠵᠡᠯ ᠰᠠᠨᠠᠭ᠎ᠠ᠂ ᠤᠴᠢᠷ ᠤᠳᠬ᠎ᠠ ᠶᠢ ᠠᠭᠤᠳᠠᠯᠤᠨ ᠲᠡᠯᠭᠡᠷᠡᠬᠦᠯᠬᠦ ᠳᠤ ᠴᠤ ᠮᠠᠰᠢ ᠴᠢᠬᠤᠯᠠ ᠠᠴᠢ ᠬᠤᠯᠪᠤᠭᠳᠠᠯ ᠲᠠᠢ︾ ᠭᠡᠵᠦ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠯᠠᠨ ᠤᠯᠤᠰ ᠤᠨ ᠰᠤᠷᠭᠠᠨ ᠬᠦᠮᠦᠵᠢᠯ ᠤᠨ ᠲᠡᠭᠡᠳᠤ ᠰᠤᠷᠭᠠᠭᠤᠯᠢ ᠶᠢᠨ ᠵᠠᠬᠢᠷᠤᠯ᠂ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠬᠴᠢ ᠪᠠᠭᠰᠢ ᠪᠠᠳᠮᠬᠤᠳᠽᠡᠷ ᠶᠠᠷᠢᠵᠦ ᠪᠠᠶᠢᠯ᠎ᠠ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号