ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠦᠬᠠᠢ ᠬᠤᠲᠠ ᠶᠢᠨ | ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠵᠢᠭᠤᠯᠴᠢᠯᠠᠭᠴᠢᠳ ᠢ ᠤᠷᠢᠵᠤ ᠠᠪᠴᠢᠷᠠᠭᠰᠠᠨ ᠢ ᠱᠠᠩᠨᠠᠬᠤ ᠠᠷᠭ᠎ᠠ | ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ | ᠦᠬᠠᠢ ᠵᠠᠰᠠᠭ ᠠᠯᠪᠠᠨ ᠲᠠᠷᠬᠠᠭᠠᠭᠰᠠᠨ ﹇2023﹈ 11 ᠳ᠋ᠣᠭᠡᠷ ᠲᠣᠭᠠᠲᠤ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠡᠳᠦᠭᠡ ︽ᠦᠬᠠᠢ ᠬᠤᠲᠠ ᠶᠢᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠵᠢᠭᠤᠯᠴᠢᠯᠠᠭᠴᠢᠳ ᠢ ᠤᠷᠢᠵᠤ | ᠠᠪᠴᠢᠷᠠᠭᠰᠠᠨ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 5 ᠰᠠᠷ᠎ᠠ ᠶᠢᠨ 12 ᠤᠨ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠦᠬᠠᠢ ᠬᠤᠲᠠ ᠶᠢᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠵᠢᠭᠤᠯᠴᠢᠯᠠᠭᠴᠢᠳ ᠢ ᠤᠷᠢᠵᠤ ᠠᠪᠴᠢᠷᠠᠭᠰᠠᠨ ᠢ | ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠲᠥᠪ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠪᠥᠬᠦ ᠬᠤᠳᠠ ᠶᠢᠨ ᠰᠣᠶᠣᠯ ᠪᠣᠯᠣᠨ ᠵᠢᠭᠤᠯᠴᠢᠯᠠᠯ ᠤᠨ ᠦᠢᠯᠡᠰ ᠢ | ᠰᠡᠷᠭᠦᠭᠡᠨ ᠬᠥᠭᠵᠢᠭᠦᠯᠬᠦ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠮᠠᠨ ᠤ ᠬᠤᠳᠠ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠱᠠᠩᠨᠠᠬᠤ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠳᠤ ᠦᠬᠠᠢ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠭᠠᠳᠠᠨᠠᠬᠢ | ᠵᠢᠭᠤᠯᠴᠢᠯᠠᠭᠴᠢᠳ ᠤᠨ ᠦᠬᠠᠢ ᠳᠤ ᠢᠷᠡᠵᠦ ᠵᠢᠭᠤᠯᠴᠢᠯᠠᠬᠤ ᠶᠢ ᠵᠣᠬᠢᠶᠠᠨ ᠪᠠᠶᠢᠭᠤᠯᠤᠭᠰᠠᠨ ᠵᠢᠭᠤᠯᠴᠢᠯᠠᠯ ᠤᠨ | ᠦᠢᠯᠡᠴᠢᠯᠡᠭᠡᠨ ᠤ ᠭᠠᠵᠠᠷ ᠢ ᠱᠠᠩᠨᠠᠨ ᠬᠥᠬᠢᠭᠦᠯᠬᠦ ᠳᠤ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠱᠠᠩᠨᠠᠬᠤ ᠪᠠᠷ ᠮᠡᠳᠡᠭᠦᠯᠬᠦ ᠪᠡᠶᠡᠴᠢ ᠴᠣᠭᠴᠠ ᠪᠣᠯ ᠤᠯᠤᠰ ᠤᠨ ᠳᠣᠲᠣᠭᠠᠳᠤ ᠳᠤ | ᠳᠠᠩᠰᠠᠯᠠᠭᠤᠯᠤᠭᠰᠠᠨ᠂ ᠬᠠᠤᠯᠢ ᠶᠣᠰᠣᠭᠠᠷ ᠡᠵᠡᠩᠨᠡᠭᠰᠡᠨ ᠵᠢᠭᠤᠯᠴᠢᠯᠠᠯ ᠤᠨ ᠭᠠᠵᠠᠷ ᠤᠨ ᠠᠵᠤ ᠠᠬᠤᠶᠢᠯᠠᠯ ᠪᠣᠯᠣᠨ᠎ᠠ᠃ | ᠬᠤᠶᠠᠳᠤᠭᠠᠷ ᠪᠦᠯᠦᠭ ᠱᠠᠩᠨᠠᠨ ᠬᠥᠬᠢᠭᠦᠯᠬᠦ ᠵᠦᠢᠯ ᠬᠢᠭᠡᠳ ᠭᠤᠶᠤᠴᠢᠯᠠᠨ ᠮᠡᠳᠡᠭᠦᠯᠬᠦ | ᠳᠥᠷᠪᠡᠳᠦᠭᠡᠷ ᠵᠦᠢᠯ ᠬᠢᠨᠠᠨ ᠬᠠᠷᠭᠤᠭᠤᠯᠬᠤ ᠪᠠᠷ ᠳᠡᠮᠵᠢᠨ ᠬᠠᠤᠯᠢ ᠶᠣᠰᠣᠨ ᠤ ᠬᠢᠷᠢ ᠬᠡᠮ ᠲᠠᠢ | ᠵᠢᠭᠤᠯᠴᠢᠯᠠᠯ ᠤᠨ ᠭᠠᠵᠠᠷ ︵ᠪᠤᠶᠤ ᠬᠤᠪᠢᠶᠠᠷᠢ ᠬᠤᠷᠢᠶ᠎ᠠ︶ ᠨᠢ 2023 ᠣᠨ ᠤ 5 ᠳ᠋ᠤᠭᠠᠷ ᠰᠠᠷ᠎ᠠ ᠶᠢᠨ 12 ᠤᠨ | ᠡᠳᠦᠷ ᠠᠴᠠ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ ᠦᠬᠠᠢ | ᠬᠤᠲᠠ ᠶᠢᠨ ᠵᠠᠰᠠᠭ ᠵᠠᠬᠢᠷᠭᠠᠨ ᠤ ᠣᠷᠣᠨ ᠤ ᠭᠠᠳᠠᠨᠠᠬᠢ ᠵᠢᠭᠤᠯᠴᠢᠯᠠᠭᠴᠢᠳ ᠢ ᠵᠣᠬᠢᠶᠠᠨ ᠪᠠᠶᠢᠭᠤᠯᠵᠤ ᠦᠬᠠᠢ ᠳᠤ | ᠵᠢᠭᠤᠯᠴᠢᠯᠠᠭᠰᠠᠨ ᠬᠥᠮᠥᠨ ᠤ ᠲᠤᠭ᠎ᠠ ᠶᠢ ᠨᠡᠶᠢᠲᠡ 100 ᠬᠥᠮᠥᠨ ᠤᠳᠠᠭ᠎ᠠ ︵ᠪᠠᠭᠲᠠᠨ᠎ᠠ︶ ᠠᠴᠠ ᠳᠡᠭᠡᠭᠰᠢ ᠳᠤ | ᠬᠦᠷᠦᠭᠦᠯᠵᠦ᠂ ᠮᠠᠨ ᠤ ᠬᠤᠲᠠ ᠳᠤ ᠨᠠᠭᠠᠲᠤ ᠵᠠᠬ᠎ᠠ ᠳᠠᠭᠠᠨ ᠨᠢᠭᠡ ᠰᠥᠨᠢ ᠬᠤᠨᠣᠬᠤ ᠮᠥᠷᠲᠡᠭᠡᠨ 1 ᠠᠴᠠ ᠳᠡᠭᠡᠭᠰᠢ | ᠰᠦᠢᠳᠬᠡᠯ ᠬᠤᠷᠢᠶᠠᠬᠤ ᠦᠵᠡᠮᠵᠢ ᠶᠢᠨ ᠣᠷᠣᠨ ᠢᠶᠠᠷ ᠵᠤᠭᠠᠴᠠᠭᠰᠠᠨ ᠪᠠᠶᠢᠪᠠᠯ᠂ ᠱᠠᠩᠨᠠᠯ ᠣᠯᠬᠤ ᠪᠠᠷ ᠭᠤᠶᠤᠴᠢᠯᠠᠵᠤ | ᠪᠣᠯᠣᠨ᠎ᠠ᠂ ᠱᠠᠩᠨᠠᠬᠤ ᠪᠠᠷᠢᠮᠵᠢᠶ᠎ᠠ ᠨᠢ 100 ᠲᠥᠭᠦᠷᠢᠭ \ ᠬᠥᠮᠥᠨ ᠤᠳᠠᠭ᠎ᠠ ᠪᠣᠯᠣᠨ᠎ᠠ᠃ | ᠲᠠᠪᠤᠳᠤᠭᠠᠷ ᠵᠦᠢᠯ ᠱᠠᠩᠨᠠᠨ ᠮᠡᠳᠡᠭᠦᠯᠬᠦ ᠶᠢ ᠠᠩᠬ᠎ᠠ ᠤᠳᠠᠭ᠎ᠠ ᠭᠤᠶᠤᠴᠢᠯᠠᠨ ᠮᠡᠳᠡᠭᠦᠯᠬᠦ ᠪᠠ ᠦᠷᠭᠦᠯᠵᠢᠯᠡᠨ | ᠭᠤᠶᠤᠴᠢᠯᠠᠨ ᠮᠡᠳᠡᠭᠦᠯᠬᠦ ᠭᠡᠵᠦ ᠬᠤᠪᠢᠶᠠᠵᠤ᠂ ᠠᠩᠬ᠎ᠠ ᠤᠳᠠᠭ᠎ᠠ ᠮᠡᠳᠡᠭᠦᠯᠬᠦ ᠦᠶ᠎ᠡ ᠳᠤ᠂ ᠵᠣᠬᠢᠶᠠᠨ ᠪᠠᠶᠢᠭᠤᠯᠬᠤ | ᠴᠢᠬᠤᠯᠠᠲᠠᠢ ᠵᠢᠭᠤᠯᠴᠢᠯᠠᠭᠴᠢᠳ ᠢ ᠨᠡᠶᠢᠲᠡ 100 ᠬᠥᠮᠥᠨ ︵ᠪᠠᠭᠲᠠᠨ᠎ᠠ︶ ᠠᠴᠠ ᠳᠡᠭᠡᠭᠰᠢ ᠳᠤ ᠬᠦᠷᠦᠭᠦᠯᠵᠦ᠂ | ᠦᠷᠭᠦᠯᠵᠢᠯᠡᠨ ᠮᠡᠳᠡᠭᠦᠯᠬᠦ ᠳᠤ ᠵᠢᠭᠤᠯᠴᠢᠯᠠᠭᠴᠢᠳ ᠢ ᠵᠣᠬᠢᠶᠠᠨ ᠪᠠᠶᠢᠭᠤᠯᠬᠤ ᠬᠥᠮᠥᠨ ᠤ ᠲᠤᠭ᠎ᠠ ᠳᠤ ᠱᠠᠭᠠᠷᠳᠠᠯᠭ᠎ᠠ | ᠭᠠᠷᠭᠠᠬᠤ ᠦᠭᠡᠢ᠃ | ᠵᠢᠷᠭᠤᠳᠤᠭᠠᠷ ᠵᠦᠢᠯ ᠠᠩᠬ᠎ᠠ ᠤᠳᠠᠭ᠎ᠠ ᠭᠤᠶᠤᠴᠢᠯᠠᠨ ᠮᠡᠳᠡᠭᠦᠯᠬᠦ ᠪᠠ ᠦᠷᠭᠦᠯᠵᠢᠯᠡᠨ ᠭᠤᠶᠤᠴᠢᠯᠠᠨ | ᠮᠡᠳᠡᠭᠦᠯᠬᠦ ᠳᠤ ᠴᠥᠮ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠭᠤᠶᠤᠴᠢᠯᠠᠯ ᠤᠨ ᠮᠠᠲ᠋ᠧᠷᠢᠶᠠᠯ ᠢᠶᠠᠨ | ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ | ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠢᠨᠠᠨ ᠬᠠᠷᠭᠤᠭᠤᠯᠬᠤ | ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠶᠢ ᠬᠠᠷᠢᠭᠤᠴᠠᠨ᠎ᠠ᠃ | ᠳᠣᠯᠣᠳᠤᠭᠠᠷ ᠵᠦᠢᠯ ᠠᠩᠬ᠎ᠠ ᠤᠳᠠᠭ᠎ᠠ ᠭᠤᠶᠤᠴᠢᠯᠠᠨ ᠮᠡᠳᠡᠭᠦᠯᠬᠦ ᠪᠠ ᠦᠷᠭᠦᠯᠵᠢᠯᠡᠨ ᠭᠤᠶᠤᠴᠢᠯᠠᠨ | ᠮᠡᠳᠡᠭᠦᠯᠬᠦ ᠳᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ | ︵ᠨᠢᠭᠡ︶ ᠦᠬᠠᠢ ᠬᠤᠲᠠ ᠶᠢᠨ2023ᠣᠨ ᠤ ᠵᠢᠭᠤᠯᠴᠢᠯᠠᠯ ᠤᠨ ᠭᠠᠵᠠᠷ ᠭᠠᠳᠠᠷ ᠣᠷᠣᠨᠤ | ᠵᠢᠭᠤᠯᠴᠢᠯᠠᠭᠴᠢᠳᠢ ᠲᠠᠲᠠᠵᠤ ᠠᠪᠴᠢᠷᠠᠭᠰᠠᠨ ᠱᠠᠩᠨᠠᠯ ᠤᠨ ᠪᠡᠯᠡ ᠮᠥᠩᠭᠦ ᠶᠢᠨ ᠮᠡᠳᠡᠭᠦᠯᠦᠯᠲᠡ ᠶᠢᠨ ᠬᠦᠰᠦᠨᠦᠭᠲᠦ᠃ | ︵ᠬᠤᠶᠠᠷ︶ ᠮᠡᠳᠡᠭᠦᠯᠬᠦ ᠭᠤᠣᠯ ᠴᠣᠭᠴᠠ ᠶᠢᠨ ᠬᠦᠴᠦᠨ ᠪᠦᠬᠦᠢ ᠨᠡᠶᠢᠭᠡᠮ ᠤᠨ ᠨᠢᠭᠡᠳᠦᠯᠲᠡᠢ ᠢᠲᠡᠭᠡᠮᠵᠢ ᠶᠢᠨ | ᠣᠷᠣᠯᠠᠬᠤ ᠨᠣᠮᠧᠷ ᠤᠨ ᠦᠨᠡᠮᠯᠡᠯ ︵ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠨ᠎ᠠ︶᠂ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ᠂ ᠡᠵᠡᠩᠨᠡᠯᠲᠡ ᠶᠢᠨ ᠦᠨᠡᠮᠯᠡᠯ ︵ᠵᠢᠩᠬᠢᠨᠢ᠂ ᠬᠠᠭᠤᠯᠪᠤᠷᠢ ᠳᠡᠪᠲᠡᠷ︶᠂ | ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ | ᠦᠨᠡᠮᠯᠡᠯ ︵ᠵᠢᠩᠬᠢᠨᠢ᠂ ᠬᠠᠭᠤᠯᠪᠤᠷᠢ ᠳᠡᠪᠲᠡᠷ︶ ᠤᠨ ᠪᠠᠭᠤᠯᠭᠠᠪᠤᠷᠢ᠂ ᠬᠦᠴᠦᠨ ᠲᠠᠢ ᠬᠤᠭᠤᠴᠠᠭᠠᠨ ᠳᠠᠬᠢ | ᠵᠢᠭᠤᠯᠴᠢᠯᠠᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠬᠠᠭᠤᠳᠠᠰᠤ ᠶᠢᠨ ᠤᠭ ᠮᠠᠲ᠋ᠧᠷᠢᠶᠠᠯ ︵ᠪᠠᠶᠢᠴᠠᠭᠠᠨ ᠰᠢᠯᠭᠠᠨ᠎ᠠ︶ | ᠵᠢᠴᠢ ᠪᠠᠭᠤᠯᠭᠠᠪᠤᠷᠢ᠃ | ︵ᠭᠤᠷᠪᠠ︶ ᠵᠢᠭᠤᠯᠴᠢᠯᠠᠯ ᠤᠨ ᠭᠠᠵᠠᠷ ᠤᠨ ᠠᠵᠢᠯ ᠨᠢᠭᠡᠲᠡᠨ ᠤ ᠭᠡᠷ᠎ᠡ᠂ ᠵᠢᠭᠤᠯᠴᠢᠯᠠᠯ ᠤᠨ ᠲᠡᠭᠡᠭᠡᠪᠦᠷᠢ ᠶᠢᠨ | ᠠᠵᠤ ᠠᠬᠤᠶᠢᠯᠠᠯ ᠯᠤᠭ᠎ᠠ ᠲᠤᠭᠳᠠᠭᠰᠠᠨ ᠵᠢᠭᠤᠯᠴᠢᠯᠠᠯ ᠤᠨ ᠲᠡᠷᠭᠡ ᠬᠥᠰᠬᠡ ᠲᠦᠷᠢᠶᠡᠰᠦᠯᠡᠬᠦ ᠭᠡᠷ᠎ᠡ ᠶᠢᠨ ᠤᠭ | ᠮᠠᠲ᠋ᠧᠷᠢᠶᠠᠯ ︵ᠪᠠᠶᠢᠴᠠᠭᠠᠨ ᠰᠢᠯᠭᠠᠨ᠎ᠠ︶ ᠵᠢᠴᠢ ᠪᠠᠭᠤᠯᠭᠠᠪᠤᠷᠢ᠃ | ︵ᠳᠥᠷᠪᠡ︶ ᠵᠢᠭᠤᠯᠴᠢᠯᠠᠭᠴᠢᠳ ᠯᠤᠭ᠎ᠠ ᠲᠣᠭᠲᠠᠭᠰᠠᠨ ᠡᠯᠧᠺᠲᠷᠣᠨ ᠭᠡᠷ᠎ᠡ᠂ ︽ᠪᠥᠬᠦ ᠤᠯᠤᠰ ᠤᠨ | ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ︾ ᠲᠡᠭᠡᠷ᠎ᠡ ᠲᠣᠭᠲᠠᠭᠰᠠᠨ ᠪᠥᠭᠡᠳ | ᠳᠡᠭᠡᠭᠰᠢ ᠳᠠᠮᠵᠢᠭᠤᠯᠤᠭᠰᠠᠨ ᠭᠡᠷ᠎ᠡ ᠪᠠᠷ ᠪᠠᠷᠢᠮᠵᠢᠶ᠎ᠠ ᠪᠣᠯᠭᠠᠨ᠎ᠠ ︵ᠵᠢᠱᠢᠶᠡᠯᠡᠪᠡᠯ ᠭᠤᠶᠤᠴᠢᠯᠠᠨ ᠮᠡᠳᠡᠭᠦᠯᠦᠭᠰᠡᠨ ᠠᠵᠤ | ᠠᠬᠤᠶᠢᠯᠠᠯ ᠨᠢ ᠭᠥᠯᠢᠶᠡᠨ ᠠᠪᠬᠤ ᠭᠠᠵᠠᠷ ᠪᠤᠯ᠂ ᠪᠦᠯᠬᠦᠮ ᠪᠠᠶᠢᠭᠤᠯᠤᠭᠰᠠᠨ ᠵᠢᠭᠤᠯᠴᠢᠯᠠᠯ ᠤᠨ ᠬᠤᠷᠢᠶᠠᠨ ᠤ | ᠲᠠᠪᠴᠠᠩ ᠲᠡᠭᠡᠷ᠎ᠡ ᠵᠢᠭᠤᠯᠴᠢᠯᠠᠭᠴᠢᠳ ᠯᠤᠭ᠎ᠠ ᠲᠣᠭᠲᠠᠭᠰᠠᠨ ᠡᠯᠧᠺᠲᠷᠣᠨ ᠭᠡᠷ᠎ᠡ ᠶᠢᠨ ᠭᠡᠷᠡᠴᠢ ᠶᠢ ᠬᠠᠩᠭᠠᠨ᠎ᠠ︶᠃ | ︵ᠲᠠᠪᠤ︶ ᠪᠦᠯᠬᠦᠮ ᠨᠡᠶᠢᠳᠡ ᠶᠢᠨ ᠨᠤᠲᠠᠯᠠᠯᠲᠠ ᠶᠢᠨ ᠬᠠᠭᠤᠳᠠᠰᠤ᠂ ᠪᠦᠯᠬᠦᠮ ᠨᠡᠶᠢᠲᠡ ᠶᠢᠨ ᠠᠶᠠᠯᠠᠯ ᠤᠨ | ᠬᠠᠭᠤᠳᠠᠰᠤ ᠵᠢᠴᠢ ᠲᠡᠷᠭᠡ ᠬᠡᠷᠡᠭᠯᠡᠬᠦ ᠶᠢ ᠨᠤᠲᠠᠯᠠᠭᠰᠠᠨ ᠪᠢᠴᠢᠭ ᠤᠨ ᠤᠭ ᠮᠠᠲ᠋ᠧᠷᠢᠶᠠᠯ ︵ᠪᠠᠶᠢᠴᠠᠭᠠᠨ ᠰᠢᠯᠭᠠᠨ᠎ᠠ︶ | ᠵᠢᠴᠢ ᠪᠠᠭᠤᠯᠭᠠᠪᠤᠷᠢ᠃ | ︵ᠵᠢᠷᠭᠤᠭ᠎ᠠ︶ ᠪᠦᠯᠬᠦᠮ ᠳᠠᠭᠠᠭᠤᠯᠤᠭᠰᠠᠨ ᠵᠢᠭᠤᠯᠴᠢᠯᠠᠯ ᠤᠨ ᠬᠥᠲᠥᠴᠢ ᠶᠢᠨ ᠡᠯᠧᠺᠲᠷᠣᠨ ᠵᠢᠭᠤᠯᠴᠢᠯᠠᠯ ᠤᠨ | ᠬᠥᠲᠥᠴᠢ ᠶᠢᠨ ᠦᠨᠡᠮᠯᠡᠯ ᠤᠨ ᠪᠠᠭᠤᠯᠭᠠᠪᠤᠷᠢ᠂ ᠵᠢᠭᠤᠯᠴᠢᠯᠠᠭᠴᠢᠳ ᠤᠨ ᠡᠯᠧᠺᠲᠷᠣᠨ ᠨᠡᠷᠡᠰ᠃ | ︵ᠳᠣᠯᠤᠭ᠎ᠠ︶ ᠵᠢᠭᠤᠯᠴᠢᠯᠠᠯ ᠤᠨ ᠭᠡᠷᠡᠴᠢ ᠪᠠᠷᠢᠮᠲᠠ᠂ ᠡᠭᠦᠨ ᠳᠤ ᠦᠵᠡᠮᠵᠢ ᠶᠢᠨ ᠭᠠᠵᠠᠷ ᠤᠨ ᠡᠭᠦᠳᠡᠨ | ᠪᠢᠯᠧᠲ ᠤᠨ ᠤᠭ ᠮᠠᠲ᠋ᠧᠷᠢᠶᠠᠯ ᠪᠤᠶᠤ ᠦᠵᠡᠮᠵᠢ ᠶᠢᠨ ᠣᠷᠣᠨ ᠤ ᠠᠯᠪᠠᠨ ᠲᠠᠮᠠᠭ᠎ᠠ ᠳᠠᠷᠤᠭᠰᠠᠨ ᠪᠠᠷᠢᠮᠲᠠ ᠶᠢᠨ ᠤᠭ | ᠮᠠᠲ᠋ᠧᠷᠢᠶᠠᠯ ︵ᠪᠠᠶᠢᠴᠠᠭᠠᠨ ᠰᠢᠯᠭᠠᠨ᠎ᠠ︶ ᠪᠠ ᠬᠠᠭᠤᠯᠪᠤᠷᠢ᠂ ᠦᠵᠡᠮᠵᠢ ᠶᠢᠨ ᠭᠠᠵᠠᠷ ᠤᠨ ᠬᠡᠷᠡᠭᠯᠡᠭᠡᠨ ᠤ ᠪᠠᠷᠢᠮᠲᠠ | ︵ᠪᠠᠷᠢᠮᠲᠠ︶ ᠶᠢᠨ ᠤᠭ ᠮᠠᠲ᠋ᠧᠷᠢᠶᠠᠯ ︵ᠪᠠᠶᠢᠴᠠᠭᠠᠨ ᠰᠢᠯᠭᠠᠨ᠎ᠠ︶ ᠪᠠ ᠬᠠᠭᠤᠯᠪᠤᠷᠢ᠂ ᠪᠠᠭᠤᠳᠠᠯ ᠳᠤ ᠣᠷᠣᠵᠤ ᠰᠠᠭᠤᠭᠰᠠᠨ | ᠴᠤᠪᠤᠷᠠᠯ ᠤᠰᠤ ᠪᠠ ᠪᠠᠷᠢᠮᠲᠠ ᠶᠢᠨ ᠤᠭ ᠮᠠᠲ᠋ᠧᠷᠢᠶᠠᠯ ︵ᠪᠠᠶᠢᠴᠠᠭᠠᠨ ᠰᠢᠯᠭᠠᠨ᠎ᠠ︶ ᠪᠠ ᠬᠠᠭᠤᠯᠪᠤᠷᠢ᠂ | ᠵᠢᠭᠤᠯᠴᠢᠯᠠᠭᠴᠢᠳ ᠤᠨ ᠪᠡᠶ᠎ᠡ ᠶᠢᠨ ᠭᠡᠨᠡᠳᠲᠡ ᠶᠢᠨ ᠳᠠᠭᠠᠳᠬᠠᠯ ᠤᠨ ᠬᠠᠭᠤᠳᠠᠰᠤ ᠵᠡᠷᠭᠡ ᠭᠡᠷᠡᠴᠢᠯᠡᠬᠦ ᠮᠠᠲ᠋ᠧᠷᠢᠶᠠᠯ | ᠪᠠᠭᠲᠠᠨ᠎ᠠ᠃ | ︵ᠨᠠᠢᠮᠠ︶ ᠪᠤᠰᠤᠳ ᠭᠡᠷᠡᠴᠢᠯᠡᠬᠦ ᠮᠠᠲ᠋ᠧᠷᠢᠶᠠᠯ᠃ | ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠮᠡᠳᠡᠭᠦᠯᠬᠦ | ᠠᠵᠢᠯ ᠤᠨ ᠲᠤᠬᠠᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠢ ᠨᠡᠶᠢᠲᠡᠯᠡᠬᠦ ᠬᠡᠷᠡᠭᠲᠡᠢ᠃ | ᠨᠠᠢᠮᠠᠳᠤᠭᠠᠷ ᠵᠦᠢᠯ ᠭᠤᠶᠤᠴᠢᠯᠠᠨ ᠮᠡᠳᠡᠭᠦᠯᠬᠦ ᠭᠤᠣᠯ ᠴᠣᠭᠴᠠ ᠨᠢ ᠬᠠᠩᠭᠠᠭᠰᠠᠨ ᠮᠠᠲ᠋ᠧᠷᠢᠶᠠᠯ ᠤᠨ ᠦᠨᠡᠨ | ᠪᠣᠳᠠᠲᠤ ᠴᠢᠨᠠᠷ ᠢ ᠪᠠᠲᠤᠯᠠᠬᠤ ᠬᠡᠷᠡᠭᠲᠡᠢ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠤᠤᠯ ᠮᠠᠲ᠋ᠧᠷᠢᠶᠠᠯ ᠳᠤ ᠪᠠᠯᠠᠯᠤᠨ | ᠵᠠᠰᠠᠭᠰᠠᠨ ᠣᠷᠣ ᠮᠥᠷ ᠪᠠᠶᠢᠵᠤ ᠪᠣᠯᠬᠤ ᠦᠭᠡᠢ᠃ | ᠭᠤᠷᠪᠠᠳᠤᠭᠠᠷ ᠪᠦᠯᠦᠭ ᠱᠠᠩᠨᠠᠨ ᠬᠥᠬᠢᠭᠦᠯᠬᠦ ᠶᠢ ᠬᠢᠨᠠᠨ ᠬᠠᠷᠭᠤᠭᠤᠯᠬᠤ | ᠶᠢᠰᠦᠳᠦᠭᠡᠷ ᠵᠦᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠨᠢ ᠭᠤᠷᠪᠠᠳᠠᠭᠢ ᠡᠲᠡᠭᠡᠳ ᠤᠨ ᠲᠤᠰᠬᠠᠢ ᠪᠠᠶᠢᠭᠤᠯᠤᠮᠵᠢ ᠳᠤ ᠨᠠᠶᠢᠳᠠᠵᠤ ᠭᠤᠶᠤᠴᠢᠯᠠᠨ ᠮᠡᠳᠡᠭᠦᠯᠦᠭᠰᠡᠨ | ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠯᠭᠡᠵᠦ᠂ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠭᠤᠶᠤᠴᠢᠯᠠᠨ | ᠮᠡᠳᠡᠭᠦᠯᠬᠦ ᠭᠤᠣᠯ ᠴᠣᠭᠴᠠ ᠶᠢᠨ ᠨᠡᠷᠡᠰ ᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠳᠤ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ | ᠬᠦᠯᠢᠶᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠣᠨ᠎ᠠ᠃ | ᠠᠷᠪᠠᠳᠤᠭᠠᠷ ᠵᠦᠢᠯ ᠢᠯᠡ ᠨᠡᠶᠢᠲᠡᠯᠡᠵᠦ ᠳᠠᠭᠤᠰᠤᠭᠰᠠᠨ ᠮᠥᠷᠲᠡᠭᠡᠨ ᠣᠨᠳᠣᠣ ᠰᠠᠨᠠᠯ ᠦᠭᠡᠢ ᠪᠠᠶᠢᠪᠠᠯ᠂ | ᠭᠤᠶᠤᠴᠢᠯᠠᠨ ᠮᠡᠳᠡᠭᠦᠯᠬᠦ ᠭᠤᠣᠯ ᠴᠣᠭᠴᠠ ᠠᠴᠠ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠳᠤ ᠡᠩ ᠤᠨ ᠭᠠᠶᠢᠯᠢ ᠶᠢᠨ ᠪᠠᠷᠢᠮᠲᠠ ᠬᠠᠩᠭᠠᠬᠤ ᠶᠢᠨ ᠬᠠᠮᠲᠤ᠂ ᠵᠢᠭᠤᠯᠴᠢᠯᠠᠯ ᠤᠨ | ᠲᠤᠰᠬᠠᠢ ᠵᠦᠢᠯ ᠤᠨ ᠱᠠᠩᠨᠠᠯ ᠤᠨ ᠮᠥᠩᠭᠦ ᠲᠠᠲᠠᠵᠤ ᠠᠪᠴᠢᠷᠠᠬᠤ ᠶᠢ ᠲᠣᠳᠣᠷᠬᠠᠶᠢᠯᠠᠬᠤ ᠬᠡᠷᠡᠭᠲᠡᠢ᠃ ᠬᠤᠲᠠ ᠶᠢᠨ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠲᠤᠰᠬᠠᠢ ᠵᠦᠢᠯ ᠤᠨ ᠱᠠᠩᠨᠠᠯ ᠤᠨ | ᠵᠠᠷᠤᠳᠠᠯ ᠤᠨ ᠲᠥᠰᠥᠪ ᠤᠨ ᠲᠣᠬᠢᠷᠠᠭᠤᠯᠤᠯᠲᠠ ᠶᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠭᠤᠶᠤᠴᠢᠯᠠᠨ | ᠮᠡᠳᠡᠭᠦᠯᠬᠦ ᠭᠤᠣᠯ ᠴᠣᠭᠴᠠ ᠳᠤ ᠤᠯᠠᠷᠢᠯ ᠢᠶᠠᠷ ᠱᠠᠩᠨᠠᠯ ᠤᠨ ᠮᠥᠩᠭᠦ ᠶᠢ ᠣᠯᠭᠤᠨ᠎ᠠ᠃ | ᠠᠷᠪᠠᠨ ᠨᠢᠭᠡᠳᠦᠭᠡᠷ ᠵᠦᠢᠯ ᠶᠠᠮᠠᠷᠪᠠ ᠨᠢᠭᠡᠴᠡ ᠭᠡᠳ ᠱᠠᠩᠨᠠᠯ ᠤᠨ ᠵᠦᠢᠯ ᠳᠤ ᠣᠨᠳᠣᠣ ᠰᠠᠨᠠᠯ ᠲᠠᠢ ᠪᠠᠶᠢᠪᠠᠯ᠂ | ᠬᠢᠨᠠᠨ ᠪᠠᠶᠢᠴᠠᠭᠠᠭᠰᠠᠨ ᠦᠷ᠎ᠡ ᠳ᠋ᠦᠩ ᠢᠶᠠᠨ ᠢᠯᠡ ᠨᠡᠶᠢᠲᠡᠯᠡᠬᠦ ᠬᠤᠭᠤᠴᠠᠭ᠎ᠠ ᠲᠤᠲᠤᠷ᠎ᠠ ᠬᠤᠳᠠ ᠶᠢᠨ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠲᠠᠬᠢᠨ ᠬᠢᠨᠠᠭᠤᠯᠬᠤ ᠪᠠᠷ ᠭᠤᠶᠤᠴᠢᠯᠠᠬᠤ | ᠬᠡᠷᠡᠭᠲᠡᠢ᠂ ᠬᠤᠭᠤᠴᠠᠭ᠎ᠠ ᠬᠡᠲᠦᠷᠡᠭᠰᠡᠨ ᠪᠤᠶᠤ ᠵᠦᠢ ᠶᠣᠰᠣᠨ ᠤ ᠰᠢᠯᠲᠠᠭᠠᠨ ᠦᠭᠡᠢ ᠪᠣᠯ ᠭᠥᠯᠢᠶᠡᠨ ᠠᠪᠴᠤ | ᠰᠢᠢᠳᠪᠦᠷᠢᠯᠡᠬᠦ ᠦᠭᠡᠢ᠃ ᠣᠨᠳᠣᠣ ᠰᠠᠨᠠᠯ ᠳᠤᠷᠠᠳᠤᠭᠰᠠᠨ ᠨᠢᠭᠡᠴᠡ ᠨᠢ ᠡᠷᠬᠡᠪᠰᠢ ᠲᠡᠬᠢᠠ ᠬᠢᠨᠠᠭᠤᠯᠬᠤ | ᠭᠤᠶᠤᠴᠢᠯᠠᠯ ᠢᠶᠠᠨ ᠪᠢᠴᠢᠭ ᠢᠶᠠᠷ ᠳᠡᠪᠰᠢᠭᠦᠯᠬᠦ ᠬᠡᠷᠡᠭᠲᠡᠢ ᠪᠥᠭᠡᠳ ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ ᠢᠶᠠᠨ | ᠭᠦᠢᠴᠡᠳ ᠬᠠᠩᠭᠠᠬᠤ ᠬᠡᠷᠡᠭᠲᠡᠢ᠃ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠰᠢᠢᠳᠪᠦᠷᠢᠯᠡᠬᠦ ᠰᠠᠨᠠᠯ ᠢᠶᠠᠨ ᠳᠤᠷᠠᠳᠬᠤ ᠶᠢᠨ ᠬᠠᠮᠲᠤ ᠡᠯ᠎ᠡ | ᠲᠠᠯ᠎ᠠ ᠶᠢᠨ ᠬᠢᠨ ᠳᠤ ᠬᠠᠷᠢᠭᠤ ᠲᠤᠰᠬᠠᠬᠤ ᠬᠡᠷᠡᠭᠳᠡᠢ᠃ | ᠳᠥᠷᠪᠡᠳᠦᠭᠡᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ | ᠠᠷᠪᠠᠨ ᠬᠤᠶᠠᠳᠤᠭᠠᠷ ᠵᠦᠢᠯ ᠭᠤᠶᠤᠴᠢᠯᠠᠨ ᠮᠡᠳᠡᠭᠦᠯᠬᠦ ᠭᠤᠣᠯ ᠴᠣᠭᠴᠠ ᠦᠨᠡᠨᠴᠢ ᠢᠲᠡᠭᠡᠮᠵᠢᠲᠡᠢ ᠪᠠᠷ | ᠡᠵᠡᠩᠨᠡᠬᠦ ᠵᠠᠷᠴᠢᠮ ᠢ ᠪᠠᠷᠢᠮᠲᠠᠯᠠᠨ᠂ ᠬᠠᠤᠯᠢ ᠶᠣᠰᠣᠭᠠᠷ ᠠᠵᠢᠯ ᠡᠷᠬᠢᠯᠡᠵᠦ᠂ ᠮᠠᠨ ᠤ ᠬᠤᠲᠠ ᠶᠢᠨ ᠵᠢᠭᠤᠯᠴᠢᠯᠠᠯ ᠤᠨ | ᠳᠦᠷᠢ ᠲᠥᠷᠬᠦ ᠶᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠲᠤᠰ ᠵᠢᠯ ᠤᠨ ᠱᠠᠩᠨᠠᠯ | ᠬᠦᠷᠳᠡᠬᠦ ᠬᠢᠷᠢ ᠬᠡᠮ ᠢ ᠨᠢ ᠬᠠᠰᠤᠬᠤ ᠶᠢᠨ ᠬᠠᠮᠲᠤ ᠲᠤᠰ ᠵᠢᠯ ᠤᠨ ᠨᠢᠭᠡᠨᠲᠡ ᠣᠯᠣᠭᠰᠠᠨ ᠱᠠᠩᠨᠠᠯ ᠤᠨ ᠪᠡᠯᠡ | ᠮᠥᠩᠭᠦ ᠶᠢ ᠨᠢ ᠨᠡᠬᠡᠮᠵᠢᠯᠡᠨ ᠪᠤᠴᠠᠭᠠᠯᠭᠠᠨ᠎ᠠ᠃ | ︵ᠨᠢᠭᠡ︶ ᠤᠯᠤᠰ ᠤᠨ ᠬᠤᠯᠪᠣᠭᠳᠠᠯ ᠪᠦᠬᠦᠢ ᠠᠵᠢᠯ ᠲᠦᠷᠦᠯ᠂ ᠠᠶᠤᠯᠭᠦᠢ ᠦᠢᠯᠡᠳᠪᠦᠷᠢᠯᠡᠯ ᠵᠡᠷᠭᠡ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ᠃ | ︵ᠬᠤᠶᠠᠷ︶ ᠭᠤᠶᠤᠴᠢᠯᠠᠨ ᠮᠡᠳᠡᠭᠦᠯᠦᠭᠰᠡᠨ ᠨᠢᠭᠡᠴᠡ ᠱᠠᠩᠨᠠᠯ ᠬᠦᠷᠳᠡᠬᠦ ᠪᠠᠷ ᠮᠡᠳᠡᠭᠦᠯᠬᠦ ᠶᠠᠪᠤᠴᠠ ᠳᠤ | ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠥᠢᠯᠡ ᠠᠵᠢᠯᠯᠠᠭ᠎ᠠ ᠲᠠᠢ ᠪᠠᠶᠢᠬᠤ᠃ | ︵ᠭᠤᠷᠪᠠ︶ ᠭᠤᠶᠤᠴᠢᠯᠠᠨ ᠮᠡᠳᠡᠭᠦᠯᠦᠭᠰᠡᠨ ᠨᠢᠭᠡᠴᠡ ᠶᠢᠨ ᠲᠣᠰ ᠪᠡᠶ᠎ᠡ ᠠᠴᠠ ᠪᠣᠯᠤᠭᠰᠠᠨ ᠦᠢᠯᠡᠴᠢᠯᠡᠭᠡᠨ ᠤ | ᠶᠠᠰᠤ ᠴᠢᠨᠠᠷ ᠤᠨ ᠠᠳᠡᠯ ᠠᠴᠠ ᠪᠣᠯᠵᠤ᠂ ᠵᠢᠯ ᠤᠨ ᠲᠤᠲᠤᠷ᠎ᠠ 3 ᠤᠳᠠᠭ᠎ᠠ ᠠᠴᠠ ᠳᠡᠭᠡᠭᠰᠢ ︵3 ᠤᠳᠠᠭ᠎ᠠ ᠶᠢ | ᠪᠠᠭᠲᠠᠭᠠᠨ᠎ᠠ︶ ᠵᠠᠭᠠᠯᠳᠤᠭᠳᠠᠭᠰᠠᠨ ᠪᠤᠶᠤ ᠴᠢᠬᠤᠯᠠ ᠶᠡᠭᠡ ᠵᠠᠭᠠᠯᠳᠤᠭᠰᠠᠨ ᠬᠡᠷᠡᠭ ᠭᠠᠷᠤᠭᠰᠠᠨ᠃ | ︵ᠳᠥᠷᠪᠡ︶ ᠱᠠᠩᠨᠠᠬᠤ ᠬᠢᠷᠢ ᠬᠡᠮ ᠢ ᠬᠠᠰᠤᠭᠰᠠᠨ ᠪᠤᠰᠤᠳ ᠪᠠᠶᠢᠳᠠᠯ᠃ | ᠠᠷᠪᠠᠨ ᠳᠥᠷᠪᠡᠳᠦᠭᠡᠷ ᠵᠦᠢᠯ ᠬᠡᠷᠪᠡ ᠱᠠᠩᠨᠠᠯ ᠤᠨ ᠪᠡᠯᠡ ᠮᠥᠩᠭᠦ ᠶᠢ ᠣᠬᠠᠭᠠᠯᠠᠨ ᠠᠪᠤᠭᠰᠠᠨ᠂ ᠮᠡᠬᠡᠯᠡᠨ | ᠠᠪᠤᠭᠰᠠᠨ ᠦᠶᠯᠡ ᠠᠵᠢᠯᠯᠠᠭ᠎ᠠ ᠶᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠨᠢᠭᠡᠨᠲᠡ ᠰᠠᠯᠭᠠᠨ ᠥᠭᠭᠦᠭᠰᠡᠨ ᠱᠠᠩᠨᠠᠯ ᠤᠨ ᠮᠥᠩᠭᠦ ᠶᠢ ᠬᠤᠷᠢᠶᠠᠨ ᠠᠪᠤᠨ᠎ᠠ᠃ ᠬᠠᠤᠯᠢ ᠶᠢ | ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ | ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃ | ᠲᠠᠪᠤᠳᠤᠭᠠᠷ ᠪᠦᠯᠦᠭ ᠲᠠᠠᠭᠠᠯᠳᠤᠭᠤᠯᠤᠭᠰᠠᠨ ᠳᠦᠷᠢᠮ | ᠠᠷᠪᠠᠨ ᠲᠠᠪᠤᠳᠤᠭᠠᠷ ᠵᠦᠢᠯ ᠵᠢᠭᠤᠯᠴᠢᠯᠠᠭᠴᠢᠳ ᠢ ᠤᠷᠢᠵᠤ ᠠᠪᠴᠢᠷᠠᠭᠰᠠᠨ ᠱᠠᠩᠨᠠᠯ ᠤᠨ ᠮᠥᠩᠭᠦ ᠶᠢ | ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠪᠡᠯᠡ ᠮᠥᠩᠭᠦᠨ ᠤ ᠲᠥᠰᠥᠪ ᠢ | ᠬᠢᠨᠠᠨ ᠬᠠᠷᠭᠤᠭᠤᠯᠬᠤ᠂ ᠴᠣᠬᠤᠯᠠᠪᠤᠷᠢᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠠᠴᠠ ᠬᠠᠷᠢᠭᠤᠴᠠᠨ᠎ᠠ᠃ ᠪᠡᠯᠡ ᠮᠥᠩᠭᠦ ᠶᠢᠨ ᠲᠥᠷᠥᠯ ᠵᠦᠢᠯ ᠢ ᠮᠡᠳᠡᠭᠦᠯᠬᠦ᠂ ᠬᠡᠷᠡᠭᠯᠡᠬᠦ | ᠬᠤᠪᠢᠶᠠᠷᠢᠯᠠᠬᠤ ᠪᠠ ᠬᠡᠷᠡᠭᠵᠢᠭᠦᠯᠬᠦ ᠬᠠᠮᠢᠶᠠᠷᠤᠯᠲᠠ ᠶᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠬᠠᠷᠢᠭᠤᠴᠠᠨ᠎ᠠ᠃ | ᠠᠷᠪᠠᠨ ᠵᠢᠷᠭᠤᠳᠤᠭᠠᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ | 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠭᠤᠰᠤᠨ᠎ᠠ᠃ |