ᠮᠤᠩᠭᠤᠯ ᠬᠦᠮᠦᠨ ᠤ ᠬᠦᠮᠦᠨ ᠲᠦᠷᠦᠯᠬᠢᠳᠡᠨ ᠤ ᠪᠤᠯᠪᠠᠰᠣᠨ ᠳᠤ ᠬᠤᠪᠢ ᠨᠡᠮᠡᠷᠢ ᠦᠵᠡᠭᠦᠯᠦᠭᠰᠡᠨ40 ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ ︵ᠬᠤᠶᠠᠷ︶
ᠨᠡᠶᠢᠲᠡᠯᠡᠭᠰᠡᠨ ᠴᠠᠭ᠄
2023/9/11
     11.ᠮᠤᠩᠭᠤᠯ ᠦᠨᠳᠦᠰᠦᠳᠡᠨ ᠤ ᠬᠤᠷᠢᠮ ᠤᠨ ᠶᠤᠰᠤᠯᠠᠯ᠄ ︵2006 ᠣᠨ ᠤ5 ᠰᠠᠷ᠎ᠠ ᠶᠢᠨ20 ᠤ ᠡᠳᠦᠷ ᠪᠦᠷᠢᠳᠬᠡᠭᠰᠡᠨ ᠲᠦᠷᠦᠭᠦᠤ ᠪᠦᠯᠦᠭ ᠣᠯᠤᠰ ᠤᠨ ᠲᠡᠰ ᠤᠨ ᠪᠣᠳᠠᠰ ᠤᠨ ᠪᠤᠰᠣ ᠰᠣᠶᠤᠯ ᠤᠨ ᠦᠪ ᠤᠨ ᠲᠦᠷᠦᠯ ᠵᠦᠢᠯ︶ ᠮᠤᠩᠭᠤᠯ ᠦᠨᠳᠦᠰᠦᠳᠡᠨ ᠤ ᠬᠤᠷᠢᠮ ᠤᠨ ᠶᠤᠰᠣᠯᠠᠯ ᠢ ᠲᠣᠩ ᠬᠦᠨᠳᠦᠳᠬᠡᠳᠡᠭ᠂ ᠬᠡᠳᠦᠶᠢᠪᠠᠷ ᠭᠠᠵᠠᠷ ᠣᠷᠤᠨ ᠠᠳᠠᠯᠢ ᠪᠤᠰᠤ᠂ ᠠᠭᠤᠯᠭ᠎ᠠ ᠬᠡᠯᠪᠡᠷᠢ ᠨᠢ ᠵᠦᠷᠢᠶ᠎ᠡ ᠲᠠᠢ ᠪᠤᠯᠪᠠᠴᠤ ᠴᠦᠮ ᠦᠪᠡᠳᠡᠭᠰᠢ ᠶᠡᠭᠡ᠂ ᠮᠦᠷᠳᠡᠭᠡᠨ ᠬᠦᠷ ᠨᠠᠷᠭᠢᠶᠠᠨ ᠢᠶᠠᠷ ᠪᠢᠯᠬᠠᠮ᠎ᠠ ᠪᠠᠶᠢᠳᠠᠭ᠃      12.ᠮᠤᠩᠭᠤᠯ ᠭᠡᠷ ᠪᠣᠰᠬᠠᠬᠤ ᠣᠷ᠎ᠠ ᠮᠡᠷᠭᠡᠵᠢᠯ᠄ ︵2008 ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ ᠮᠤᠩᠭᠤᠯ ᠭᠡᠷ ᠪᠤᠯ ᠮᠤᠩᠭᠤᠯ ᠦᠨᠳᠦᠰᠦᠳᠡᠨ ᠤ ᠮᠠᠯᠴᠢᠳ ᠤᠨ ᠣᠷᠤᠰᠢᠨ ᠰᠠᠭᠤᠷᠢᠰᠢᠳᠠᠭ ᠮᠠᠯᠵᠢᠬᠤ ᠦᠢᠯᠡᠳᠪᠤᠷᠢᠯᠡᠯ ᠪᠤᠯᠤᠨ ᠠᠵᠤ ᠠᠮᠢᠳᠣᠷᠠᠯ  ᠳᠤ ᠵᠤᠬᠢᠴᠠᠬᠤ ᠣᠷᠤᠨ ᠰᠠᠭᠤᠴᠠ ᠪᠤᠯᠤᠨ᠎ᠠ᠃ ᠮᠤᠩᠭᠤᠯ ᠭᠡᠷ ᠲᠤᠳᠤᠷ᠎ᠠ ᠠᠭᠤᠵᠢᠭᠤ ᠲᠠᠭᠠᠳᠠᠢ᠂ ᠮᠤᠳᠤ ᠪᠠᠷ ᠬᠠᠨ᠎ᠠ ᠬᠢᠵᠤ᠂ ᠬᠤᠶᠠᠷ ᠪᠤᠶᠤ ᠭᠤᠷᠪᠠᠨ ᠲᠠᠪᠬᠤᠷ ᠢᠰᠡᠭᠡᠢ ᠪᠦᠷᠢᠵᠤ᠂ ᠮᠤᠷᠢᠨ ᠲᠡᠯ ᠪᠤᠶᠤ ᠲᠡᠮᠡᠭᠡᠨ ᠨᠤᠤᠰᠤ ᠪᠠᠷ ᠲᠠᠮᠤᠵᠤ ᠬᠢᠭᠰᠡᠨ ᠪᠦᠰᠡᠯᠡᠭᠦᠷ ᠢᠶᠠᠷ ᠣᠷᠢᠶᠠᠳᠠᠭ᠃ ᠲᠤᠭᠤᠨᠤ ᠪᠠᠷ ᠨᠢ ᠰᠠᠯᠬᠢ ᠨᠡᠪᠳᠡᠷᠡᠵᠤ ᠭᠡᠷᠡᠯ ᠣᠷᠤᠳᠠᠭ᠃ ᠮᠤᠩᠭᠤᠯ ᠭᠡᠷ  ᠨᠢ ᠪᠤᠰᠬᠠᠵᠤ ᠪᠠᠭᠤᠯᠭᠠᠬᠤ ᠳᠤ ᠲᠦᠭᠦᠮ ᠪᠤᠯᠬᠤᠷ ᠮᠠᠯᠴᠢᠳ ᠤᠨ ᠨᠡᠭᠦᠳᠡᠯᠯᠡᠨ ᠮᠠᠯᠵᠢᠬᠤ ᠳᠤ ᠲᠤᠬᠢᠷᠠᠳᠠᠭ᠃      13.ᠮᠤᠩᠭᠤᠯ ᠦᠨᠳᠦᠰᠦᠳᠡᠨ ᠤ ᠬᠠᠰᠠᠭ ᠲᠡᠷᠭᠡ ᠵᠤᠬᠢᠶᠠᠬᠤ ᠮᠡᠷᠭᠡᠵᠢᠯ᠄ ︵2006 ᠣᠨ ᠪᠦᠷᠢᠳᠬᠡᠭᠰᠡᠨ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ ᠬᠠᠰᠠᠭ ᠲᠡᠷᠭᠡ ᠶᠢ ᠲᠤᠮᠤ ᠬᠦᠷᠳᠦᠳᠣ ᠲᠡᠷᠭᠡ ᠭᠡᠳᠡᠭ ᠪᠦᠭᠡᠳ ᠮᠤᠩᠭᠤᠯ ᠦᠨᠳᠦᠰᠦᠳᠡᠨ ᠤ ᠮᠠᠯᠴᠢᠨ ᠲᠦᠮᠡᠨ ᠤ ᠣᠯᠠᠮᠵᠢᠯᠠᠯᠳᠤ ᠵᠠᠮ ᠬᠠᠷᠢᠯᠴᠠᠭᠠᠨ ᠤ ᠪᠠᠭᠠᠵᠢ ᠪᠠᠶᠢᠭᠰᠠᠨ ᠶᠤᠮ᠃ ᠬᠠᠰᠠᠭ ᠲᠡᠷᠭᠡ ᠵᠤᠬᠢᠶᠠᠬᠤ ᠨᠢ ᠮᠤᠩᠭᠤᠯ ᠦᠨᠳᠦᠰᠦᠳᠡᠨ ᠣᠷᠳᠤ ᠣᠳᠠᠭᠠᠨ ᠲᠡᠤᠬᠡ ᠶᠢᠨ ᠬᠤᠭᠤᠴᠠᠭᠠᠨ ᠳᠠᠬᠢ ᠠᠮᠢᠳᠣᠷᠠᠯ ᠦᠢᠯᠡᠳᠪᠤᠷᠢᠯᠡᠯ᠂ ᠲᠠᠶᠢᠨ ᠪᠠᠶᠢᠯᠳᠤᠭᠠᠨ ᠤ ᠳᠣᠮᠳᠠ ᠪᠤᠯᠪᠠᠰᠣᠷᠠᠭᠤᠯᠤᠭᠰᠠᠨ ᠨᠢᠭᠡ ᠵᠦᠢᠯ ᠤᠨ ᠮᠡᠷᠭᠡᠵᠢᠯ ᠪᠤᠯᠤᠨ᠎ᠠ᠃      14.ᠮᠤᠩᠭᠤᠯ ᠦᠨᠳᠦᠰᠦᠳᠡᠨ ᠤ ᠮᠣᠷᠢᠨ ᠡᠳ᠋ᠯᠡᠯ ᠬᠡᠷᠡᠭᠰᠡᠯ ᠬᠢᠬᠦ ᠣᠷᠤ ᠮᠡᠷᠭᠡᠵᠢᠯ᠄ ︵2008 ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠤᠰᠤ ᠰᠣᠶᠤᠯ ᠤᠨ ᠦᠪ ᠤᠨ ᠲᠦᠷᠦᠯ ᠵᠦᠢᠯ︶ ᠮᠤᠩᠭᠤᠯ ᠦᠨᠳᠦᠰᠦᠳᠡᠨ ᠤ ᠮᠤᠷᠢᠨ ᠡᠳ᠋ᠯᠡᠯ ᠬᠡᠷᠡᠭᠰᠡᠯ ᠬᠢᠬᠦ ᠣᠷᠤ ᠮᠡᠷᠭᠡᠵᠢᠯ ᠪᠤᠯ ᠦᠪᠤᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠤ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠣᠷ᠎ᠠ ᠮᠡᠷᠭᠡᠵᠢᠯ ᠪᠤᠯᠤᠨ᠎ᠠ᠃ ᠣᠷᠠᠴᠣᠳ ᠤᠨ ᠬᠢᠭᠰᠡᠨ ᠮᠤᠷᠢᠨ ᠡᠳ᠋ᠯᠡᠯ ᠬᠡᠷᠡᠭᠰᠡᠯ ᠨᠢ ᠣᠷ᠎ᠠ ᠮᠡᠷᠭᠡᠵᠢᠯ ᠢᠶᠠᠷ ᠣᠷᠠᠨ ᠨᠠᠷᠢᠯᠢᠭ᠂ ᠮᠠᠲ᠋ᠧᠷᠢᠶᠠᠯ ᠰᠣᠩᠭᠤᠯᠳᠠ ᠣᠨᠴᠠᠭᠠᠢ ᠪᠦᠭᠡᠳ ᠵᠠᠰᠠᠯ ᠴᠢᠮᠡᠭᠯᠡᠯ ᠨᠢ ᠬᠡᠬᠡᠨᠴᠢᠷ ᠰᠠᠶᠢᠬᠠᠨ᠂ ᠬᠡᠷᠡᠭᠯᠡᠯᠳᠡ ᠨᠢ ᠲᠠᠭᠠᠳᠠᠢ ᠪᠠᠶᠢᠳᠠᠭ ᠢᠶᠠᠷ  ᠢᠶᠠᠨ ᠪᠣᠰᠣᠳ ᠦᠨᠳᠦᠰᠦᠳᠡᠨ ᠪᠠ ᠪᠣᠰᠣᠳ ᠭᠠᠵᠠᠷ ᠣᠷᠤᠨ ᠤ ᠮᠤᠷᠢᠨ ᠡᠳ᠋ᠯᠡᠯ ᠬᠡᠷᠡᠭᠰᠡᠯ ᠠᠴᠠ ᠢᠯᠭᠠᠭᠳᠠᠬᠤ ᠦᠪᠡᠷᠮᠢᠴᠡ ᠣᠨᠴᠠᠯᠢᠭ ᠲᠠᠢ᠃      15.ᠮᠤᠩᠭᠤᠯ ᠦᠨᠳᠦᠰᠦᠳᠡᠨ ᠤ ᠬᠤᠪᠴᠠᠰᠤ ᠵᠠᠰᠠᠯ᠄ ︵2008 ᠣᠨ ᠳᠤ ᠪᠦᠷᠢᠳᠬᠡᠭᠰᠡᠨ ᠣᠯᠤᠰ‌‍ᠤᠨ ᠲᠡᠰ  ᠤᠨ ᠪᠤᠳᠠᠰ‌‍ᠤᠨ ᠪᠤᠰᠤ ᠰᠣᠶᠤᠯ‌‍ᠤᠨ ᠦᠪ‌‍ᠤᠨ ᠲᠦᠷᠦᠯ ᠵᠦᠢᠯ︶ ᠮᠤᠩᠭᠤᠯ ᠦᠨᠳᠦᠰᠦᠳᠡᠨ‌‍ᠣ ᠬᠤᠪᠴᠠᠰᠣ ᠵᠠᠰᠠᠯ ᠨᠢ ᠭᠤᠤᠯᠳᠠᠭᠤ ᠲᠡᠷᠯᠢᠭ᠂ ᠪᠦᠰᠡ᠂ ᠭᠤᠳᠤᠯ᠂ ᠵᠢᠮᠰᠡᠭ ᠵᠡᠷᠭᠡ ᠶᠢ ᠪᠠᠭᠳᠠᠭᠠᠵᠤ ᠪᠤᠢ᠃ ᠭᠡᠳᠡᠯ᠎ᠡ ᠭᠠᠵᠠᠷ ᠣᠷᠤᠨ ᠠᠳᠠᠯᠢ ᠦᠭᠡᠢ ᠠᠴᠠ ᠪᠣᠯᠵᠤ ᠬᠡᠯᠪᠡᠷᠢ ᠶᠠᠩᠵᠤ ᠨᠢ ᠴᠦ ᠠᠳᠠᠯᠢ ᠪᠤᠰᠤ ᠪᠠᠶᠢᠳᠠᠭ᠃ ᠮᠤᠩᠭᠤᠯ ᠦᠨᠳᠦᠰᠦᠳᠡᠨ ᠤ ᠬᠤᠪᠴᠠᠰᠤ ᠵᠠᠰᠠᠯ ᠨᠢ ᠲᠠᠯ᠎ᠠ ᠨᠣᠳᠤᠭ‌‍ᠤᠨ ᠬᠡᠪ ᠨᠠᠮᠪᠠ ᠪᠠ ᠣᠨᠴᠠᠯᠢᠭ ᠲᠤᠪᠤᠶᠢᠮ᠎ᠠ ᠪᠠᠶᠢᠵᠤ᠂ ᠲᠡᠷᠯᠢᠭ ᠢᠶᠠᠷ ᠭᠤᠤᠯ ᠪᠤᠯᠭᠠᠵᠤ᠂ ᠮᠤᠷᠢ ᠣᠨᠤᠬᠤ ᠳᠤ ᠲᠤᠬᠢᠷᠠᠮᠵᠢᠳᠠᠢ ᠪᠠᠶᠢᠳᠠᠭ᠃ ᠮᠠᠯᠵᠢᠬᠤ ᠣᠷᠤᠨ ᠤ ᠡᠪᠦᠯ‌‍ᠤᠨ ᠬᠤᠪᠴᠠᠰᠤ ᠨᠢ ᠭᠤᠤᠯᠳᠠᠭᠤ ᠠᠷᠠᠰᠤᠨ ᠲᠡᠷᠯᠢᠭ᠂ ᠬᠦᠪᠦᠩ ᠲᠡᠷᠯᠢᠭ᠃ ᠵᠤᠨ ᠤ ᠬᠤᠪᠴᠠᠰᠤ ᠨᠢ ᠣᠯᠠᠩᠬᠢ ᠨᠢ ᠪᠦᠰ ᠲᠡᠷᠯᠢᠭ᠃ ᠲᠡᠷᠯᠢᠭ ᠨᠢ ᠦᠷᠭᠡᠨ ᠠᠭᠤᠵᠢᠭᠤ᠂ ᠬᠠᠨᠴᠣᠢ ᠨᠢ ᠣᠷᠳᠤ᠂ ᠣᠯᠠᠩᠬᠢ ᠨᠢ ᠣᠯᠠᠭᠠᠨ᠂ ᠰᠢᠷ᠎ᠠ᠂ ᠭᠦᠨ ᠬᠦᠬᠡ ᠦᠩᠭᠡᠳᠡᠢ᠃      16.ᠮᠤᠩᠭᠤᠯ ᠦᠨᠳᠦᠰᠦᠳᠡᠨ ᠤ ᠬᠠᠳᠬᠤᠮᠠᠯ᠄ ︵2008 ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠤᠳᠠᠰ ᠤᠨ ᠪᠤᠰᠤ ᠰᠣᠶᠤᠯ ᠤᠨ ᠦᠪ ᠤᠨ ᠲᠦᠷᠦᠯ ᠵᠦᠢᠯ︶ ᠮᠤᠩᠭᠤᠯ ᠦᠨᠳᠦᠰᠦᠳᠡᠨ ᠤ ᠬᠠᠳᠬᠤᠮᠠᠯ ᠪᠤᠯ ᠮᠤᠩᠭᠤᠯ ᠦᠨᠳᠦᠰᠦᠳᠡᠨ ᠤ ᠠᠷᠠᠳ ᠲᠦᠮᠡᠨ ᠤ ᠣᠷᠳᠤ ᠬᠤᠭᠤᠴᠠᠭᠠᠨ ᠤ ᠲᠣᠷᠰᠢᠬᠢ ᠠᠮᠢᠳᠣᠷᠠᠯ ᠳᠣᠮᠳᠠ ᠪᠠᠨ ᠪᠦᠷᠢᠳᠦᠭᠦᠯᠦᠨ ᠣᠯᠠᠮᠵᠢᠯᠠᠵᠤ ᠢᠷᠡᠭᠰᠡᠨ ᠨᠢᠭᠡᠨ ᠵᠦᠢᠯ ᠤᠨ ᠭᠠᠷ ᠣᠷᠠᠯᠠᠯ ᠤᠨ ᠮᠡᠷᠭᠡᠵᠢᠯ ᠪᠤᠯᠤᠨ᠎ᠠ᠃ ᠮᠤᠩᠭᠤᠯ ᠦᠨᠳᠦᠰᠦᠳᠡᠨ ᠤ ᠬᠠᠳᠬᠤᠮᠠᠯ ᠨᠢ ᠵᠦᠭᠡᠯᠡᠨ ᠪᠦᠰ ᠲᠡᠭᠡᠷ᠎ᠡ ᠬᠤᠸᠠᠷ ᠬᠠᠳᠬᠤᠵᠤ ᠣᠶᠤᠬᠤ ᠪᠠᠷ ᠪᠠᠷᠠᠬᠤ ᠦᠭᠡᠢ ᠲᠡᠮᠡᠭᠡᠨ ᠨᠣᠯᠤᠤᠷ ᠤᠨ ᠣᠳᠠᠰᠤ᠂ ᠦᠬᠡᠷ ᠤᠨ ᠰᠢᠷᠪᠤᠰᠤ ᠵᠡᠷᠭᠡ ᠶᠢ ᠬᠡᠷᠡᠭᠯᠡᠵᠤ ᠢᠰᠡᠭᠡᠢ ᠪᠣᠶᠣ ᠠᠷᠠᠰᠤᠨ ᠲᠡᠭᠡᠷ᠎ᠡ ᠬᠠᠳᠬᠤᠵᠤ ᠣᠶᠤᠳᠠᠭ᠃      17.ᠦᠬᠡᠷ ᠬᠤᠨᠢᠨ ᠮᠢᠬ᠎ᠠ ᠴᠢᠨᠠᠬᠤ ᠣᠷ᠎ᠠ ᠮᠡᠷᠭᠡᠵᠢᠯ᠄ ︵2008 ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠣᠯ ᠤᠨ ᠦᠪ ᠤᠨ ᠲᠦᠷᠦᠯ ᠵᠦᠢᠯ︶ ᠮᠤᠩᠭᠤᠯ ᠦᠨᠳᠦᠰᠦᠳᠡᠨ ᠤ ᠪᠦᠬᠦᠯᠢ ᠬᠤᠨᠢᠨ ᠤ ᠰᠢᠭᠦᠰᠤ ᠪᠤᠯ ᠶᠣᠸᠠᠨ ᠣᠯᠤᠰ ᠤᠨ ᠦᠶ᠎ᠡ ᠶᠢᠨ ᠬᠠᠭᠠᠨ ᠤ ᠣᠷᠳᠤᠨ ᠤ ᠲᠡᠶᠢᠯᠠᠯᠭ᠎ᠠ ᠠᠴᠠ ᠣᠯᠠᠮᠵᠢᠯᠠᠵᠤ ᠢᠷᠡᠭᠰᠡᠨ ᠨᠢᠭᠡ ᠵᠦᠢᠯ ᠤᠨ ᠪᠦᠬᠦᠯᠢ ᠬᠤᠨᠢᠨ ᠤ ᠲᠠᠶᠢᠯᠠᠯᠭ᠎ᠠ ᠪᠤᠯᠤᠨ᠎ᠠ᠃ ᠴᠢᠩ ᠤᠨ ᠲᠦᠷᠦ ᠶᠢᠨ ᠦᠶ᠎ᠡ ᠳᠠᠬᠢ ᠲᠠᠶᠢᠯᠠᠯᠭ᠎ᠠ ᠳᠤ ᠦᠷᠭᠦᠯᠵᠢ ᠬᠡᠷᠡᠭᠯᠡᠭᠳᠡᠵᠤ ︽ᠵᠤᠮ᠎ᠠ ᠶᠢᠨ ᠨᠠᠶᠢᠷ︾ ᠭᠡᠮᠡᠭᠳᠡᠵᠤ᠂ ᠦᠷᠭᠦᠯᠵᠢ ᠮᠤᠩᠭᠤᠯ ᠸᠠᠩ ᠭᠦᠩ ᠢ ᠳᠠᠶᠢᠯᠳᠠᠭ᠃ ︽ᠵᠤᠮ᠎ᠠ︾ ᠭᠡᠵᠤ ᠬᠤᠨᠢ ᠪᠠᠨ ᠮᠤᠩᠭᠤᠯ ᠦᠨᠳᠦᠰᠦᠳᠡᠨ ᠤ ᠣᠯᠠᠮᠵᠢᠯᠠᠯᠳᠤ ᠠᠷᠭ᠎ᠠ ᠪᠠᠷ ᠨᠢᠳᠤᠯᠤᠭᠰᠠᠨ ᠤ ᠲᠠᠷᠠᠭ᠎ᠠ᠂ ᠬᠠᠯᠠᠭᠤᠨ ᠣᠰᠤ ᠪᠠᠷ ᠦᠰᠤ ᠶᠢ ᠨᠢ ᠵᠤᠮᠠᠯᠵᠤ᠂ ᠭᠡᠳᠡᠰᠤ ᠲᠣᠳᠣᠷ ᠢ ᠨᠢ ᠭᠠᠷᠭᠠᠵᠤ ᠴᠡᠪᠡᠷᠯᠡᠭᠰᠡᠨ ᠪᠦᠬᠦᠯᠢ ᠬᠤᠨᠢ ᠶᠢ ᠰᠢᠷᠠᠭᠰᠠᠨ ᠨᠢᠭᠡ ᠵᠦᠢᠯ ᠤᠨ ᠮᠢᠬᠠᠨ ᠢᠳᠡᠭᠡᠨ᠃ ᠲᠡᠷᠡ ᠨᠢ ᠦᠩᠭᠡ᠂ ᠦᠨᠦᠷ᠂ ᠠᠮᠳᠠ ᠪᠠᠷ ᠪᠦᠷᠢᠨ ᠰᠠᠶᠢᠨ ᠪᠠᠶᠢᠵᠤ᠂ ᠮᠤᠩᠭᠤᠯ ᠢᠳᠡᠭᠡᠨ ᠣᠮᠳᠠᠭᠠᠨ ᠤ ᠲᠣᠳᠣᠷ᠎ᠠ ᠮᠡᠷᠭᠡᠵᠢᠯ ᠤᠨ ᠲᠠᠯ᠎ᠠ  ᠪᠠᠷ ᠬᠠᠮᠤᠭ ᠦᠨᠳᠦᠷ ᠱᠠᠭᠠᠷᠳᠠᠯᠭ᠎ᠠ ᠲᠠᠢ ᠢᠳᠡᠭᠡᠨ ᠤ ᠵᠦᠢᠯ ᠪᠤᠯᠤᠨ᠎ᠠ᠃      18.ᠮᠤᠩᠭᠤᠯ ᠦᠨᠳᠦᠰᠦᠳᠡᠨ ᠤ ᠲᠡᠮᠡᠭᠡ ᠲᠡᠵᠢᠭᠡᠬᠦ ᠵᠠᠩ ᠦᠢᠯᠡ᠄ ︵2008 ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ ᠮᠤᠩᠭᠤᠯ ᠦᠨᠳᠦᠰᠦᠳᠡᠨ ᠤ ᠲᠡᠮᠡᠭᠡ ᠲᠡᠵᠢᠭᠡᠬᠦ ᠵᠠᠩ ᠦᠢᠯᠡ ᠨᠢ ᠣᠷᠳᠤ ᠣᠳᠠᠭᠠᠨ ᠲᠡᠤᠬᠡ ᠲᠠᠢ ᠪᠠᠶᠢᠳᠠᠭ᠃ ᠣᠷᠳᠤ ᠣᠳᠠᠭᠠᠨ ᠵᠢᠯ ᠤᠨ ᠦᠢᠯᠡᠳᠪᠤᠷᠢᠯᠡᠯ ᠠᠮᠢᠳᠤᠷᠠᠯ ᠤᠨ ᠦᠢᠯᠡᠳᠦᠯᠭᠡ ᠲᠣᠮᠳᠠ᠂ ᠲᠡᠮᠡᠭᠡ ᠨᠢ ᠬᠦᠮᠦᠨ ᠲᠦᠷᠦᠯᠬᠢᠳᠡᠨ  ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ  ᠮᠦᠷᠳᠡᠭᠡᠨ ᠬᠦᠮᠦᠨ ᠲᠦᠷᠦᠯᠬᠢᠳᠡᠨ ᠤ ᠬᠠᠮᠤᠭ ᠦᠨᠡᠨᠴᠢ ᠨᠠᠶᠢᠵᠠ ᠪᠤᠯᠤᠭᠰᠠᠨ ᠪᠠᠶᠢᠨ᠎ᠠ᠃ ᠲᠡᠮᠡᠭᠡ ᠨᠢ ᠬᠦᠮᠦᠨ ᠲᠦᠷᠦᠯᠬᠢᠳᠡᠨ ᠳᠤ ᠭᠠᠪᠢᠶ᠎ᠠ ᠵᠢᠳᠭᠦᠯ ᠦᠵᠡᠭᠦᠯᠦᠭᠰᠡᠨ ᠪᠤᠯᠬᠤᠷ ᠮᠠᠯᠴᠢᠳ ᠲᠡᠮᠡᠭᠡ ᠪᠠᠨ ᠲᠡᠭᠡᠳᠤ ᠲᠡᠭᠷᠢ ᠠᠴᠠ ᠰᠣᠶᠤᠷᠬᠠᠭᠰᠠᠨ ᠰᠠᠬᠢᠭᠤᠯᠰᠤᠨ ᠭᠡᠵᠤ ᠦᠵᠡᠳᠡᠭ᠃ ᠮᠥᠨ ᠴᠦ ᠠᠯᠠᠱᠠ ᠶᠢᠨ ᠵᠤᠷᠢᠭ ᠰᠠᠨᠠᠭ᠎ᠠ ᠶᠢ ᠲᠦᠯᠦᠭᠡᠯᠡᠵᠤ᠂ ᠮᠠᠨ ᠤ ᠣᠯᠤᠰ ᠤᠨ ᠰᠣᠶᠤᠯ ᠤᠨ ᠭᠤᠤᠯ ᠪᠦᠷᠢᠯᠳᠦᠭᠦᠨ ᠬᠡᠰᠡᠭ ᠪᠤᠯᠪᠠ᠃      19.ᠮᠤᠩᠭᠤᠯ ᠰᠢᠳᠠᠷ᠎ᠠ᠄ ︵2011 ᠣᠨ ᠳᠤ ᠪᠦᠷᠢᠳᠬᠡᠭᠰᠡᠨ ᠣᠯᠤᠰ ᠤᠨ ᠲᠡᠰ ᠤᠨ ᠪᠤᠳᠠᠰ ᠤᠨ ᠪᠤᠰᠤ ᠰᠣᠶᠤᠯ ᠤᠨ ᠦᠪ ᠤᠨ ᠲᠦᠷᠦᠯ ᠵᠦᠢᠯ︶ ᠮᠤᠩᠭᠤᠯ ᠰᠢᠳᠠᠷ᠎ᠠ ᠪᠤᠯ ᠮᠤᠩᠭᠤᠯ ᠦᠨᠳᠦᠰᠦᠳᠡᠨ ᠤ ᠠᠷᠠᠳ ᠤᠨ ᠲᠣᠮᠳᠠ ᠦᠷᠭᠡᠨ ᠢᠶᠠᠷ ᠲᠡᠯᠭᠡᠷᠡᠵᠤ ᠪᠠᠶᠢᠭ᠎ᠠ ᠨᠢᠭᠡ ᠵᠦᠢᠯ ᠤᠨ ᠪᠡᠶ᠎ᠡ ᠶᠢᠨ ᠲᠡᠮᠢᠷ ᠤᠨ ᠲᠤᠭᠯᠠᠭᠠᠮ ᠪᠤᠯᠤᠨ᠎ᠠ᠃ ᠮᠤᠩᠭᠤᠯ ᠰᠢᠳᠠᠷ᠎ᠠ ᠶᠢᠨ ᠬᠡᠯᠪᠡᠷᠢ᠂ ᠨᠠᠭᠠᠳᠬᠤ ᠠᠷᠭ᠎ᠠ᠂ ᠨᠠᠭᠠᠳᠬᠤ ᠲᠦᠷᠢᠮ ᠨᠢ ᠣᠯᠠᠨ ᠣᠯᠤᠰ ᠤᠨ ᠰᠢᠳᠠᠷ᠎ᠠ ᠲᠠᠢ ᠦᠢᠷᠠᠯᠴᠠᠭ᠎ᠠ ᠪᠣᠯᠪᠠᠴᠤ ᠪᠠᠰᠠ ᠢᠯᠭᠠᠭ᠎ᠠ ᠲᠠᠢ ᠪᠠᠶᠢᠳᠠᠭ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号