ᠮᠠᠨ ᠤ ᠬᠤᠲᠠ ᠶᠢᠨ 26 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/9/12
     ᠵᠢᠯ ᠪᠦᠷᠢ ᠶᠢᠨ 9 ᠰᠠᠷ᠎ᠠ ᠶᠢᠨ ᠭᠤᠷᠪᠠᠳᠤᠭᠠᠷ ᠭᠠᠷᠠᠭ ᠪᠣᠯ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠪᠣᠯᠣᠨ᠎ᠠ᠃ 9 ᠰᠠᠷ᠎ᠠ ᠶᠢᠨ 11 ᠤ ᠡᠳᠦᠷ᠂ ᠮᠠᠨ ᠤ ᠬᠤᠲᠠ ᠶᠢᠨ 26 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ ᠪᠠᠭᠰᠢ᠂ ᠰᠤᠷᠤᠭᠴᠢᠳ ᠤᠷᠠᠨ ᠤᠩᠰᠢᠯᠭ᠎ᠠ᠂ ᠶᠠᠷᠢᠶ᠎ᠠ ᠢᠯᠡᠳᠬᠡᠯ᠂ ᠤᠷᠠᠨ ᠪᠢᠴᠢᠯᠭᠡ ᠵᠡᠷᠭᠡ ᠬᠤᠯᠪᠤᠭᠳᠠᠯ ᠪᠦᠬᠦᠢ ᠰᠢᠯᠢᠳᠡᠭ ᠲᠣᠭᠯᠠᠯᠲᠠ ᠶᠢ ᠲᠣᠭᠯᠠᠵᠤ᠂ ᠨᠡᠶᠢᠲᠡᠯᠢᠭ ᠬᠡᠯᠡᠨ ᠤ ᠥᠪᠡᠷᠮᠢᠴᠡ ᠭᠤᠸ᠎ᠠ ᠰᠠᠶᠢᠬᠠᠨ ᠤ ᠲᠥᠷᠥᠭᠳᠡᠯ ᠢ ᠪᠠᠶᠠᠯᠢᠭ ᠬᠡᠯᠪᠡᠷᠢ ᠪᠠᠷ ᠳᠠᠮᠵᠢᠭᠤᠯᠵᠠᠢ᠃      26 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪ ᠨᠢ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠶ᠎ᠠ︾ ᠪᠣᠯᠣᠨ᠎ᠠ᠃ ᠡᠨᠡ ᠬᠤᠭᠤᠴᠠᠭᠠᠨ ᠳᠤ᠂ ᠬᠤᠲᠠ ᠶᠢᠨ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠᠶᠠᠯᠢᠭ ᠰᠠᠶᠢᠬᠠᠨ ᠤᠬᠠᠭᠤᠯᠭ᠎ᠠ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠠᠵᠢᠯ ᠤᠨ ᠳᠤᠮᠳᠠᠬᠢ ᠰᠤᠷᠭᠠᠭᠤᠯᠢ ᠶᠢᠨ ᠭᠤᠣᠯ ᠠᠷᠭ᠎ᠠ ᠵᠠᠮ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠬᠠᠭᠤᠯᠭ᠎ᠠ ᠶᠢᠨ ᠠᠵᠢᠯᠯᠠᠭ᠎ᠠ ᠶᠢ ᠰᠤᠷᠭᠠᠭᠤᠯᠢ ᠶᠢᠨ ᠡᠳᠦᠷ ᠲᠤᠲᠤᠮ ᠤᠨ ᠰᠤᠷᠭᠠᠨ ᠬᠥᠮᠦᠵᠢᠯ᠂ ᠶᠣᠰᠣ ᠰᠤᠷᠲᠠᠬᠤᠨ ᠤ ᠬᠥᠮᠦᠵᠢᠯ᠂ ᠪᠣᠯᠪᠠᠰᠤᠨ ᠢ ᠡᠭᠦᠳᠦᠨ ᠪᠠᠶᠢᠭᠤᠯᠬᠤ ᠵᠡᠷᠭᠡ ᠠᠵᠢᠯ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠰᠤᠷᠤᠭᠴᠢᠳ ᠢᠶᠠᠷ ᠭᠡᠷ ᠪᠦᠯᠢ ᠶᠢ ᠳᠠᠶᠢᠴᠢᠯᠠᠨ᠂ ᠰᠤᠷᠭᠠᠭᠤᠯᠢ ᠨᠢ ᠨᠡᠶᠢᠭᠡᠮ ᠲᠣᠭᠤᠷᠢᠭ ᠢ ᠨᠥᠯᠥᠭᠡᠯᠡᠵᠦ᠂ ᠨᠡᠶᠢᠭᠡᠮ ᠤᠨ ᠡᠯ᠎ᠡ ᠬᠠᠮᠲᠤᠯᠢᠭ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠲᠡᠯᠢᠭ ᠬᠡᠯᠡ ᠶᠢ ᠰᠠᠶᠢᠲᠤᠷ ᠶᠠᠷᠢᠭᠤᠯᠵᠤ᠂ ᠬᠥᠮᠥᠨ ᠪᠣᠯᠭᠠᠨ ᠨᠡᠶᠢᠲᠡᠯᠢᠭ ᠬᠡᠯᠡ ᠶᠢ ᠰᠤᠷᠬᠤ᠂ ᠬᠥᠮᠥᠨ ᠪᠣᠯᠭᠠᠨ ᠨᠡᠶᠢᠲᠡᠯᠢᠭ ᠬᠡᠯᠡ ᠶᠢ ᠶᠠᠷᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号