ᠮᠠᠨ ᠤ ᠬᠤᠲᠠ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ︽ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠪᠠᠶᠢᠭᠤᠯᠵᠤ᠂ ᠰᠦᠯᠵᠢᠶᠡᠨ ᠤ ᠪᠣᠯᠪᠠᠰᠤᠨ ᠢ ᠬᠠᠮᠲᠤ ᠪᠠᠷ ᠡᠳ᠋ᠯᠡᠶ᠎ᠡ︾ ᠭᠡᠬᠦ ᠭᠤᠤᠯ ᠰᠡᠲᠤᠪᠲᠤ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2023/9/13
     9 ᠰᠠᠷ᠎ᠠ ᠶᠢᠨ 12 ᠤᠨ ᠡᠳᠦᠷ᠂ ᠮᠠᠨ ᠤ ᠬᠤᠳᠠ ᠶᠢᠨ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ︽ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠬᠠᠮᠲᠤᠪᠠᠷ ᠪᠠᠶᠢᠭᠤᠯᠵᠤ᠂ ᠰᠦᠯᠵᠢᠶᠡᠨ ᠤ ᠪᠣᠯᠪᠠᠰᠤᠨ ᠢ ᠬᠠᠮᠲᠤ ᠪᠠᠷ ᠡᠳ᠋ᠯᠡᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠬᠠᠶᠢᠨᠠᠨ ᠲᠣᠭᠤᠷᠢᠭ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠧᠢ ᠶᠦᠨ ᠬᠤᠷᠠᠯ ᠳᠤ ᠣᠷᠣᠯᠴᠠᠪᠠ᠃      ᠠᠵᠢᠯᠯᠠᠭ᠎ᠠ ᠶᠢᠨ ᠳᠤᠮᠳᠠ᠂ ᠬᠠᠶᠢᠨᠠᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠬᠠᠶᠢᠨᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ︽ᠦᠬᠠᠢ ᠬᠤᠲᠠ ᠶᠢᠨ ᠰᠦᠯᠵᠢᠶᠡᠨ ᠤ ᠪᠣᠯᠪᠠᠰᠤᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠭᠡᠬᠦ ᠫᠠᠶᠢᠰᠠ ᠣᠯᠭᠤᠪᠠ᠃ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠦᠬᠠᠢ ᠶᠢᠨ ᠬᠤᠪᠢᠶᠠᠷᠢ ᠺᠣᠮᠫᠠᠨᠢ ᠵᠡᠷᠭᠡ 12 ᠠᠵᠤ ᠠᠬᠤᠶᠢᠯᠠᠯ ᠳᠤ ︽ᠦᠬᠠᠢ ᠬᠤᠳᠠ ᠶᠢᠨ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠲᠤᠯᠭᠠᠭᠤᠷᠢᠯᠠᠯ ᠤᠨ ᠨᠢᠭᠡᠴᠡ︾ ᠶᠢᠨ ᠴᠣᠯᠠ ᠬᠦᠷᠳᠡᠭᠡᠪᠡ᠃ 2023 ᠣᠨ ᠤ ᠰᠦᠯᠵᠢᠶᠡᠨ ᠤ ᠪᠣᠯᠪᠠᠰᠤᠨ ᠤ 10 ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠶᠢ ᠬᠥᠬᠢᠭᠦᠯᠦᠨ ᠰᠠᠶᠢᠰᠢᠶᠠᠪᠠ᠃ ᠬᠠᠶᠢᠨᠠᠨ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠣᠶᠢᠯᠠᠭᠠᠭᠳᠠᠬᠤᠨ ᠢ ᠤᠯᠠᠮᠵᠢᠯᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠭᠤᠣᠯ ᠰᠡᠳᠦᠪ  ᠨᠢ ︽ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠬᠠᠮᠲᠤᠪᠠᠷ ᠪᠠᠶᠢᠭᠤᠯᠵᠤ᠂ ᠰᠦᠯᠵᠢᠶᠡᠨ ᠤ ᠪᠣᠯᠪᠠᠰᠤᠨ ᠢ ᠬᠠᠮᠲᠤ ᠪᠠᠷ ᠡᠳ᠋ᠯᠡᠶ᠎ᠡ︾ ᠭᠡᠬᠦ ᠪᠠᠷ ᠠᠭᠤᠯᠭ᠎ᠠ ᠪᠤᠯᠭᠠᠵᠠᠢ᠃ ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠬᠤᠲᠠ ︽ᠰᠤᠷᠭᠠᠭᠤᠯᠢ ᠶᠢᠨ ᠬᠦᠷᠢᠶᠡᠨ ᠤ ᠡᠳᠦᠷ︾ ︽ᠴᠠᠬᠢᠯᠭᠠᠨ ᠬᠤᠯᠪᠣᠭᠠᠨ ᠤ ᠡᠳᠦᠷ︾ ︽ᠬᠠᠤᠯᠢᠵᠢᠯ ᠤᠨ ᠡᠳᠦᠷ︾ ᠵᠡᠷᠭᠡ ᠭᠤᠣᠯ ᠰᠡᠳᠦᠪᠲᠦ ᠡᠳᠦᠷ ᠤᠨ ᠠᠵᠢᠯᠯᠠᠭ᠎ᠠ ᠥᠷᠨᠢᠭᠦᠯᠬᠦ ᠪᠠᠷ ᠪᠣᠶ᠃ ᠡᠭᠦᠨ ᠤ ᠬᠠᠮᠲᠤ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠣᠨ ᠲᠤᠰᠬᠠᠢ ᠰᠡᠳᠦᠪᠲᠦ ᠪᠣᠯᠪᠠᠰᠤᠷᠠᠯ᠂ ᠰᠦᠯᠵᠢᠶᠡᠨ ᠤ ᠠᠮᠤᠷ ᠲᠦᠪᠰᠢᠨ ᠢ ︽ᠳᠤᠯᠤᠭ᠎ᠠ ᠳᠤ ᠤᠷᠤᠭᠤᠯᠬᠤ︾ ᠵᠡᠷᠭᠡ ᠠᠵᠢᠯᠯᠠᠭ᠎ᠠ ᠶᠢ ᠡᠷᠬᠢᠯᠡᠵᠦ᠂ ᠪᠦᠬᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠪᠣᠯᠣᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠨ᠎ᠠ᠃      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠮᠧᠩ ᠫᠧᠢ ᠶᠦᠨ ᠨᠠᠷ ᠤᠷᠢᠳ ᠬᠤᠵᠢᠳ ᠬᠠᠶᠢᠨᠠᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠬᠠᠶᠢᠨᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠬᠠᠶᠢᠨᠠᠨ ᠲᠣᠭᠤᠷᠢᠭ ᠤᠨ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠥᠪ ᠢᠶᠠᠷ ᠲᠣᠭᠤᠷᠢᠨ ᠦᠵᠡᠵᠦ᠂ ᠬᠤᠯᠪᠤᠭᠳᠠᠯ ᠪᠦᠬᠦᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号