︽ᠳᠤᠮᠳᠠᠳᠤ ᠤᠯᠤᠰ ᠤᠨ ᠤᠷᠠᠨ ᠪᠢᠴᠢᠯᠭᠡ·ᠣᠨ ᠤ ᠦᠵᠡᠬᠦᠯᠦᠯᠭᠡ︾ ᠪᠥᠬᠦ ᠤᠯᠤᠰ ᠤᠨ ᠭᠤᠷ ᠥᠰᠥᠭ᠂ ᠵᠠᠪᠰᠠᠷ ᠤᠨ ᠥᠰᠥᠭ᠂ ᠭᠤᠷ ᠰᠡᠶᠢᠯᠦᠮᠡᠯ ᠤᠨ ᠪᠦᠲᠦᠭᠡᠯ ᠤᠨ ᠦᠵᠡᠬᠦᠯᠦᠯᠭᠡ ᠵᠢᠴᠢ ᠠᠷᠪᠠᠨ ᠬᠤᠶᠠᠳᠤᠭᠠᠷ ᠬᠤᠭᠤᠴᠠᠭᠠᠨ ᠤ ᠬᠠᠲᠤᠨ ᠭᠤᠣᠯ ᠤᠨ ᠬᠡᠷᠡᠯᠳᠦ ᠰᠤᠪᠤᠳ·ᠤᠷᠠᠨ ᠪᠢᠴᠢᠯᠭᠡ ᠶᠢᠨ ᠤᠷᠠᠯᠢᠭ ᠤᠨ ᠨᠠᠶᠢᠷ ᠮᠠᠨ ᠤ ᠬᠤᠲᠠ ᠳᠤ ᠶᠠᠪᠤᠭᠳᠠᠬᠤ ᠪᠠᠷ ᠪᠣᠶ
ᠨᠡᠶᠢᠲᠡᠯᠡᠭᠰᠡᠨ ᠴᠠᠭ᠄
2023/9/13
     ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠳᠠ· ᠦᠬᠠᠢ︾ ᠶᠢᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠪᠣᠯᠣᠨ ᠠᠯᠳᠠᠷᠰᠢᠯ ᠢᠶᠠᠨ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ ︽ᠳᠤᠮᠳᠠᠳᠤ ᠤᠯᠤᠰ ᠤᠨ ᠤᠷᠠᠨ ᠪᠢᠴᠢᠯᠭᠡ· ᠣᠨ ᠤ ᠦᠵᠡᠬᠦᠯᠦᠯᠭᠡ︾ ᠶᠢᠨ ᠪᠦᠬᠦ ᠤᠯᠤᠰ ᠤᠨ ᠭᠤᠷ ᠦᠰᠦᠭ᠂ ᠵᠠᠪᠰᠠᠷ ᠤᠨ ᠦᠰᠦᠭ᠂ ᠭᠤᠷ ᠰᠡᠶᠢᠯᠦᠮᠡᠯ ᠤᠨ ᠪᠦᠲᠦᠭᠡᠯ ᠤᠨ ᠦᠵᠡᠬᠦᠯᠦᠯᠭᠡ ᠵᠢᠴᠢ ᠠᠷᠪᠠᠨ ᠬᠤᠶᠠᠳᠤᠭᠠᠷ ᠬᠤᠭᠤᠴᠠᠭᠠᠨ ᠤ ᠬᠠᠳᠤᠨ ᠭᠤᠣᠯ ᠤᠨ ᠬᠡᠷᠡᠯᠳᠦ ᠰᠤᠪᠤᠳ· ᠤᠷᠠᠨ ᠪᠢᠴᠢᠯᠭᠡ ᠶᠢᠨ ᠤᠷᠠᠯᠢᠭ ᠤᠨ ᠨᠠᠶᠢᠷ 9 ᠰᠠᠷ᠎ᠠ ᠶᠢᠨ 19 ᠤ ᠡᠳᠦᠷ ᠠᠴᠠ 24 ᠤ ᠡᠳᠦᠷ ᠪᠣᠯᠲᠠᠯ᠎ᠠ ᠮᠠᠨ ᠤ ᠬᠤᠳᠠ ᠳᠤ ᠶᠠᠪᠤᠭᠳᠠᠨ᠎ᠠ᠃ ᠣᠳᠣᠬᠠᠨ ᠳᠤ ᠡᠯ᠎ᠡ ᠵᠦᠢᠯ ᠤᠨ ᠠᠵᠢᠯ ᠢᠶᠠᠨ ᠶᠠᠭ ᠶᠠᠭᠠᠷᠠᠯᠲᠠᠢ ᠪᠡᠯᠡᠳᠬᠡᠵᠦ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠣᠨ ᠤ ᠦᠵᠡᠬᠦᠯᠦᠯᠭᠡ ᠳᠤ᠂ ᠪᠥᠬᠦ ᠤᠯᠤᠰ ᠤᠨ ᠡᠯ᠎ᠡ ᠭᠠᠵᠠᠷ ᠠᠴᠠ ᠡᠯᠰᠡᠭᠰᠡᠨ 5072 ᠪᠦᠲᠦᠭᠡᠯ ᠤᠨ ᠳᠣᠲᠣᠷ᠎ᠠ ᠠᠴᠠ ᠰᠢᠯᠭᠠᠷᠠᠭᠤᠯᠤᠨ ᠭᠠᠷᠭᠠᠭᠰᠠᠨ 197 ᠪᠦᠲᠦᠭᠡᠯ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠬᠤ ᠺᠣᠮᠢᠰ ᠤᠨ 12 ᠪᠦᠲᠦᠭᠡᠯ ᠢ ᠳᠡᠯᠭᠡᠨ ᠦᠵᠡᠭᠦᠯᠬᠦ ᠪᠤᠯᠤᠨ᠎ᠠ᠃ ᠲᠤᠬᠠᠢ ᠶᠢᠨ ᠦᠶ᠎ᠡ ᠳᠤ᠂ ᠬᠤᠷᠠᠯ ᠳᠤ ᠣᠷᠣᠯᠴᠠᠭᠰᠠᠨ ᠵᠣᠴᠢᠳ ︽ᠳᠤᠮᠳᠠᠳᠤ ᠤᠯᠤᠰ ᠤᠨ ᠤᠷᠠᠨ ᠪᠢᠴᠢᠯᠭᠡ· ᠣᠨ ᠤ ᠦᠵᠡᠭᠦᠯᠦᠯᠭᠡ︾ ᠶᠢᠨ ᠪᠥᠬᠦ ᠤᠯᠤᠰ ᠤᠨ ᠭᠤᠷ ᠥᠰᠥᠭ᠂ ᠵᠠᠪᠰᠠᠷ ᠤᠨ ᠥᠰᠥᠭ᠂ ᠭᠤᠷ ᠰᠡᠶᠢᠯᠦᠮᠡᠯ ᠤᠨ ᠪᠦᠲᠦᠭᠡᠯ ᠤᠨ ᠦᠵᠡᠭᠦᠯᠦᠯᠭᠡ᠂ ︽ᠭᠤᠷᠪᠠᠨ ᠨᠡᠷᠡᠲᠤ ᠢᠨᠵᠧᠨᠧᠷᠢᠩ︾ ᠤᠨ ᠤᠷᠠᠨ ᠪᠢᠴᠢᠯᠭᠡ ᠶᠢᠨ ᠪᠦᠲᠦᠭᠡᠯ ᠤᠨ ᠦᠵᠡᠭᠦᠯᠦᠯᠭᠡ᠂ ᠡᠷᠳᠡᠮ ᠰᠢᠨᠵᠢᠯᠡᠭᠡᠨ ᠤ ᠶᠠᠷᠢᠯᠴᠠᠬᠤ ᠬᠤᠷᠠᠯ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠨᠡᠶᠢᠲᠡ ᠶᠢᠨ ᠠᠰᠠᠷᠠᠮᠵᠢ ᠶᠢᠨ ᠶᠡᠭᠡ ᠬᠢᠴᠢᠶᠡᠯ ᠤᠨ ᠲᠠᠩᠬᠢᠮ ᠵᠡᠷᠭᠡ ᠠᠵᠢᠯᠯᠠᠭ᠎ᠠ ᠳᠤ ᠬᠠᠮᠲᠤ ᠪᠠᠷ ᠣᠷᠣᠯᠴᠠᠬᠤ ᠪᠣᠯᠣᠨ᠎ᠠ᠃      ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ ᠳᠡᠮᠵᠢᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠡᠪᠯᠡᠯ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠷᠠᠨ ᠡᠷᠭᠢᠯᠡᠵᠦ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠢ ᠶᠢᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号