ᠨᠢᠭᠡ᠂ ᠠᠬᠤᠢ ᠪᠠᠶᠢᠳᠠᠯ ᠵᠢᠴᠢ ᠦᠨᠳᠦᠰᠦᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠬᠦ ᠶᠢᠨ ᠲᠤᠰᠠᠳᠠ᠂ ︽ᠦᠷᠡᠵᠢᠯ ᠤᠨ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠦᠨ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠲᠣᠭᠲᠠᠭᠠᠯ︾ ᠪᠠ ︽ᠭᠤᠷᠪᠠᠨ ᠬᠡᠦᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠦᠷᠡᠵᠢᠯ ᠤᠨ | ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ | ᠠᠯᠪᠠᠨ ᠭᠡᠷ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠪᠣᠳᠠᠲᠠᠢ ᠲᠠᠢ ᠤᠶᠠᠯᠳᠤᠭᠤᠯᠤᠭᠠᠳ᠂ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠪᠡ᠃ | ᠬᠤᠶᠠᠷ᠂ ᠭᠤᠣᠯ ᠠᠭᠤᠯᠭ᠎ᠠ | ︵ᠨᠢᠭᠡ︶ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ | ᠬᠠᠷᠠᠭᠠᠯᠵᠠᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠨᠢ ᠨᠡᠶᠢᠲᠡ ᠭᠤᠷᠪᠠᠨ ᠬᠡᠰᠡᠭ ᠢᠶᠠᠷ ᠪᠦᠷᠢᠯᠳᠦᠵᠡᠢ᠃ | ᠲᠣᠰ ᠠᠷᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ | ᠣᠷᠣᠯᠴᠠᠭᠰᠠᠨ ᠡᠯ᠎ᠡ ᠨᠢᠭᠡᠴᠢ᠂ ᠳᠠᠭᠠᠳᠬᠠᠯ ᠳᠤ ᠣᠷᠣᠯᠴᠠᠭᠰᠠᠨ ᠬᠥᠮᠥᠰ ᠲᠤ ᠬᠡᠷᠡᠭᠵᠢᠭᠦᠯᠬᠦ ᠳᠤ ᠳᠣᠬᠢᠷᠠᠨ᠎ᠠ᠃ | ︵ᠬᠤᠶᠠᠷ︶ ᠡᠮᠨᠡᠯᠭᠡ ᠳᠤ ᠰᠠᠭᠤᠬᠤ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠥᠩᠭᠡᠵᠢᠬᠦ᠂ | ᠣᠷᠤᠭ ᠤᠨᠠᠭᠠᠬᠤ᠂ ᠦᠷᠡᠵᠢᠯ ᠢ ᠬᠢᠵᠠᠭᠠᠷᠯᠠᠬᠤ ᠪᠤᠶᠤ ᠦᠷᠡᠵᠢᠯ ᠢ ᠲᠠᠰᠤᠯᠬᠤ ᠮᠡᠰᠡ ᠵᠠᠰᠠᠯ ᠠᠴᠠ ᠡᠭᠦᠰᠦᠭᠰᠡᠨ | ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠬᠦ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠳᠤ ᠬᠠᠷᠠᠭᠠᠯᠵᠠᠯ ᠤᠨ ᠬᠤᠪᠢ | ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠳᠤᠬᠢᠷᠠᠭᠤᠯᠬᠤ ᠦᠭᠡᠢ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠦᠩᠭᠦᠨ ᠠᠴᠠ ᠪᠣᠳᠠᠲᠤ ᠪᠠᠷᠢᠮᠲᠠ ᠶᠢ ᠦᠨᠳᠦᠰᠦᠯᠡᠨ ᠲᠥᠯᠥᠨ᠎ᠡ᠃ | ︵ᠭᠤᠷᠪᠠ︶ ᠡᠭᠦᠳᠡᠨ ᠡᠮᠨᠡᠯᠭᠡ ᠳᠤ ᠡᠮᠨᠡᠭᠦᠯᠬᠦ᠃ ᠨᠢᠭᠡ ᠳᠤ᠂ ᠡᠮᠡᠭᠲᠡᠢ ᠠᠵᠢᠯᠲᠠᠨ ᠠᠵᠢᠯᠴᠢᠨ ᠤ ᠵᠢᠷᠮᠦᠰᠦᠯᠡᠭᠰᠡᠨ | ᠬᠤᠭᠤᠴᠠᠭ᠎ᠠ᠂ ᠬᠥᠩᠭᠡᠵᠢᠬᠦ ᠬᠤᠭᠤᠴᠠᠭ᠎ᠠ᠂ ᠨᠢᠷᠠᠶᠢᠯᠠᠬᠤ ᠬᠤᠭᠤᠴᠠᠭᠠᠨ ᠳᠤ ᠡᠭᠦᠰᠦᠭᠰᠡᠨ ᠡᠮᠴᠢᠯᠡᠭᠡᠨ ᠤ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ | ᠡᠭᠦᠳᠡᠨ ᠡᠮᠨᠡᠯᠭᠡ ᠳᠤ ᠬᠢᠯᠭᠡᠭᠰᠡᠨ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠵᠠᠷᠤᠳᠠᠯ ᠳᠤ ᠬᠠᠷᠠᠭᠠᠯᠵᠠᠯ ᠤᠨ | ᠬᠤᠪᠢ ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠠᠴᠠ | ᠲᠥᠯᠦᠬᠦ ᠳᠡᠭᠡᠳᠦ ᠬᠢᠵᠠᠭᠠᠷ ᠳᠣᠬᠢᠷᠠᠭᠤᠯᠬᠤ ᠦᠭᠡᠢ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠦᠩᠭᠦᠨ ᠠᠴᠠ ᠪᠣᠳᠠᠲᠤ ᠪᠠᠷᠢᠮᠲᠠ ᠶᠢ ᠦᠨᠳᠦᠰᠦᠯᠡᠨ ᠲᠥᠯᠥᠨ᠎ᠡ᠃ ᠬᠤᠶᠠᠷ ᠲᠤ᠂ ᠡᠭᠦᠳᠡᠨ ᠡᠮᠨᠡᠯᠭᠡ ᠳᠤ ᠣᠷᠤᠭ | ᠤᠨᠠᠭᠠᠭᠰᠠᠨ ᠪᠤᠶᠤ ᠦᠷᠡᠵᠢᠯ ᠢ ᠬᠢᠵᠠᠭᠠᠷᠯᠠᠬᠤ ᠮᠡᠰᠡ ᠵᠠᠰᠠᠯ ᠬᠢᠯᠭᠡᠭᠰᠡᠨ ᠪᠠᠶᠢᠪᠠᠯ᠂ ᠬᠠᠷᠠᠭᠠᠯᠵᠠᠯ ᠤᠨ ᠬᠤᠪᠢ | ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠳᠤᠬᠢᠷᠠᠭᠤᠯᠬᠤ ᠦᠭᠡᠢ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ | ᠲᠥᠯᠥᠬᠦ ᠳᠡᠭᠡᠳᠦ ᠬᠢᠵᠠᠭᠠᠷ ᠨᠢ 2000 ᠲᠥᠭᠦᠷᠢᠭ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ | ᠬᠡᠰᠡᠭ ᠢ ᠲᠥᠯᠦᠵᠦ ᠥᠭᠬᠦ ᠦᠭᠡᠢ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠢ ᠪᠠᠷᠢᠮᠲᠠ ᠶᠢ ᠦᠨᠳᠦᠰᠦᠯᠡᠨ | ᠲᠥᠯᠥᠨ᠎ᠡ᠃ ᠭᠤᠷᠪᠠ ᠳᠤ᠂ ᠡᠭᠦᠳᠡᠨ ᠡᠮᠨᠡᠯᠭᠡ ᠳᠤ ᠦᠷᠡᠵᠢᠯ ᠢ ᠲᠠᠰᠤᠯᠬᠤ ᠮᠡᠰᠡ ᠵᠠᠰᠠᠯ ᠬᠢᠯᠭᠡᠭᠰᠡᠨ ᠪᠠᠶᠢᠪᠠᠯ᠂ | ᠬᠠᠷᠠᠭᠠᠯᠵᠠᠯ ᠤᠨ ᠬᠤᠪᠢ ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠳᠣᠬᠢᠷᠠᠭᠤᠯᠬᠤ ᠦᠭᠡᠢ᠂ ᠡᠮᠴᠢᠯᠡᠭᠡᠨ ᠤ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ | ᠡᠮᠴᠢᠯᠡᠭᠡᠨ ᠤ ᠵᠠᠷᠤᠳᠠᠯ ᠢ ᠲᠥᠯᠥᠬᠦ ᠳᠡᠭᠡᠳᠦ ᠬᠢᠵᠠᠭᠠᠷ ᠨᠢ 2500 ᠲᠥᠭᠦᠷᠢᠭ ᠪᠠᠶᠢᠵᠤ᠂ ᠬᠢᠵᠠᠭᠠᠷᠯᠠᠭᠰᠠᠨ | ᠲᠤᠭ᠎ᠠ ᠠᠴᠠ ᠬᠡᠲᠦᠷᠡᠭᠰᠡᠨ ᠬᠡᠰᠡᠭ ᠢ ᠲᠥᠯᠦᠵᠦ ᠥᠭᠬᠦ ᠦᠭᠡᠢ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠢ | ᠪᠠᠷᠢᠮᠲᠠ ᠦᠨᠳᠦᠰᠦᠯᠡᠨ ᠲᠥᠯᠥᠨ᠎ᠡ᠃ | ︵ᠳᠥᠷᠪᠡ︶ ᠦᠷᠡᠵᠢᠯ ᠤᠨ ᠨᠡᠮᠡᠯᠭᠡ ᠶᠢᠨ ᠪᠠᠷᠢᠮᠵᠢᠶ᠎ᠠ᠃ ᠨᠢᠭᠡ ᠳᠤ᠂ ᠡᠳ᠋ ᠤᠨ ᠵᠠᠰᠠᠭ ᠤᠨ ᠬᠠᠩᠭᠠᠯᠲᠠ ᠳᠤ | ᠡᠰᠡ ᠬᠠᠮᠤᠷᠤᠭᠳᠠᠬᠤ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠤ | ᠦᠷᠡᠵᠢᠯ ᠤᠨ ᠨᠡᠮᠡᠯᠭᠡ ᠶᠢ ᠬᠥᠮᠥᠨ ᠬᠡᠷᠡᠭᠯᠡᠬᠦ ᠨᠢᠭᠡᠴᠢ ᠶᠢᠨ ᠳᠡᠭᠡᠷ᠎ᠡ ᠵᠢᠯ ᠤᠨ ᠠᠵᠢᠯ ᠤᠨ ᠪᠠᠶᠢᠷᠢᠨ ᠳᠤ ᠪᠠᠨ ᠪᠠᠶᠢᠭ᠎ᠠ | ᠠᠵᠢᠯᠲᠠᠨ ᠠᠵᠢᠯᠴᠢᠨ ᠤ ᠰᠦᠢᠳᠬᠡᠯ ᠲᠤᠰᠢᠶᠠᠭᠰᠠᠨ ᠰᠠᠷ᠎ᠠ ᠶᠢᠨ ᠳᠤᠮᠲᠠᠴᠢ ᠰᠠᠭᠤᠷᠢ ᠲᠤᠭ᠎ᠠ ᠪᠠᠷ ᠪᠤᠳᠤᠵᠤ | ᠣᠯᠭᠤᠬᠤ ᠪᠠᠷᠢᠮᠵᠢᠶ᠎ᠠ ᠪᠣᠯᠭᠠᠨ᠎ᠠ᠃ ᠡᠷᠡᠭᠲᠡᠢ ᠠᠵᠢᠯᠲᠠᠨ ᠠᠵᠢᠯᠴᠢᠨ ᠤ ᠰᠤᠪᠢᠯᠠᠯᠲᠠ ᠶᠢᠨ ᠴᠢᠯᠦᠭᠡᠨ ᠤ ᠨᠡᠮᠡᠯᠭᠡ ᠶᠢ | ᠠᠳᠠᠯᠢᠬᠠᠨ ᠰᠠᠭᠤᠷᠢ ᠲᠣᠭᠠᠨ ᠤ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ ᠬᠤᠶᠠᠷ ᠲᠤ᠂ ᠲᠤᠬᠠᠢ ᠶᠢᠨ ᠵᠢᠯ ᠳᠤ ᠰᠢᠨ᠎ᠡ ᠪᠠᠷ | ᠳᠠᠭᠠᠳᠬᠠᠯ ᠳᠤ ᠣᠷᠣᠯᠴᠠᠭᠰᠠᠨ ᠡᠳ᠋ ᠤᠨ ᠵᠠᠰᠠᠭ ᠤᠨ ᠬᠠᠩᠭᠠᠯᠲᠠ ᠳᠤ ᠡᠰᠡ ᠬᠠᠮᠤᠷᠤᠭᠳᠠᠬᠤ ᠨᠢᠭᠡᠴᠢ ᠶᠢᠨ | ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠦᠷᠡᠵᠢᠯ ᠤᠨ ᠨᠡᠮᠡᠯᠭᠡ ᠶᠢ ᠠᠵᠢᠯᠲᠠᠨ ᠠᠵᠢᠯᠴᠢᠨ ᠤ | ᠬᠥᠩᠭᠡᠵᠢᠭᠰᠡᠨ ᠲᠣᠰ ᠰᠠᠷ᠎ᠠ ᠳᠠᠬᠢ ᠪᠠᠶᠢᠭᠤᠯᠭ᠎ᠠ ᠨᠢᠭᠡᠴᠢ ᠶᠢᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠠᠵᠢᠯᠲᠠᠨ | ᠠᠵᠢᠯᠴᠢᠨ ᠤ ᠰᠦᠢᠳᠬᠡᠯ ᠲᠤᠰᠢᠶᠠᠭᠰᠠᠨ ᠳᠤᠮᠳᠠᠴᠢ ᠰᠠᠭᠤᠷᠢ ᠲᠤᠭ᠎ᠠ ᠪᠠᠷ ᠦᠷᠡᠵᠢᠯ ᠤᠨ ᠨᠡᠮᠡᠯᠭᠡ ᠶᠢ ᠪᠤᠳᠤᠵᠤ | ᠣᠯᠭᠤᠬᠤ ᠪᠠᠷᠢᠮᠵᠢᠶ᠎ᠠ ᠪᠣᠯᠭᠠᠨ᠎ᠠ᠃ | |