ᠬᠤᠲᠠ ᠶᠢᠨ ᠵᠠᠰᠠᠭ ᠤᠨ ᠣᠷᠳᠣᠨ ᠤ 2023 ᠣᠨ ᠤ 21 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/13
     9 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2023 ᠣᠨ ᠤ 21 ᠳ᠋ᠣᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠶᠠᠩ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠬᠠᠷᠠᠮᠥ᠋ᠷᠡᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠲᠤᠤᠱᠯᠠᠭᠤᠯᠬᠤ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠭᠢᠭᠤᠯᠵᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠭᠦᠢᠴᠡᠳᠬᠡᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠶᠢ ᠬᠠᠮᠵᠢᠯᠴᠠᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ︽ᠲᠤᠷᠤᠭᠰᠢᠯᠠᠯᠳᠠ ᠶᠢ ᠲᠡᠭᠡᠭᠰᠢᠯᠡᠯᠳᠡ ᠲᠠᠢ ᠪᠣᠯᠭᠠᠬᠤ︾᠂ ᠤᠯᠠᠮᠵᠢᠯᠠᠯᠲᠤ ᠠᠵᠤ ᠦᠢᠯᠡᠰ ᠤᠨ ︽ᠳᠥᠷᠪᠡ ᠶᠢ ᠡᠮᠬᠢᠯᠡᠨ ᠨᠡᠶᠢᠯᠡᠭᠦᠯᠬᠦ︾ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠵᠡᠷᠭᠡ ᠬᠥᠭᠵᠢᠯᠲᠡ ᠲᠣᠭᠲᠠᠭᠤᠨ ᠳᠤ ᠬᠤᠯᠪᠣᠭᠳᠠᠬᠤ ᠭᠤᠣᠯᠳᠠᠯᠭ᠎ᠠ ᠲᠠᠢ ᠠᠵᠢᠯ ᠢᠶᠠᠨ ᠤᠯᠠᠮ ᠨᠢᠭᠡ ᠠᠯᠬᠤᠮ ᠪᠣᠳᠠᠲᠠᠢ ᠪᠥᠭᠡᠳ ᠨᠠᠷᠢᠯᠢᠭ ᠠᠳᠬᠤᠵᠤ᠂ ᠣᠳᠣᠭᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠥᠨᠢ ᠤᠳᠠᠭᠠᠨ ᠴᠢᠷᠮᠠᠶᠢᠨ ᠠᠬᠢᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠶᠢᠷ᠎ᠠ ᠶᠢᠨ ᠬᠤᠭᠤᠴᠠᠭᠠᠨ ᠤ ᠣᠷᠣᠨ ᠤ ᠳᠣᠲᠣᠷ᠎ᠠ ᠭᠠᠳᠠᠨ᠎ᠠ ᠭᠠᠷᠤᠭᠰᠠᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠦᠨᠳᠦ ᠨᠣᠴᠢᠲᠠᠢ ᠴᠢᠨᠠᠷ ᠨᠠᠷᠢᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠤ ᠦᠯᠦ ᠪᠤᠯᠬᠤ︾ ᠬᠠᠷᠢᠭᠤᠴᠠᠯᠭᠠᠲᠤ ᠰᠡᠳᠬᠢᠯᠭᠡ ᠪᠠ ︽ᠠᠶᠤᠯ ᠲᠦᠭᠰᠢᠭᠦᠷᠢ ᠭᠠᠵᠠᠷ ᠪᠣᠯᠭᠠᠨ ᠳᠤ ᠪᠠᠶᠢᠬᠤ︾ ᠲᠦᠭᠰᠢᠭᠦᠷᠢᠲᠦ ᠰᠡᠳᠬᠢᠯᠭᠡ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠤᠷᠪᠣᠰ ᠬᠠᠲᠠᠭᠤ ᠠᠷᠭ᠎ᠠ ᠬᠡᠮᠵᠢᠶ᠎ᠡ ᠪᠠ ᠥᠪᠡᠷᠲᠡᠭᠡᠨ ᠵᠠᠰᠠᠬᠤ ᠣᠷᠣᠨ ᠤ 135 ᠵᠣᠷᠪᠣᠰ ᠪᠣᠳᠠᠲᠠᠢ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠶᠢ ᠨᠠᠶᠢᠳᠠᠪᠤᠷᠢᠵᠢᠭᠤᠯᠵᠤ᠂ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠢ ᠵᠦᠢᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ ᠠᠵᠢᠯ ᠢᠶᠠᠨ ᠰᠠᠶᠢᠲᠤᠷ ᠠᠳᠬᠤᠵᠤ᠂ ᠠᠶᠤᠯᠲᠠᠢ ᠬᠢᠮᠢ ᠶᠢᠨ ᠪᠣᠳᠠᠰ ᠤᠨ ᠬᠦᠨᠳᠦ ᠶᠡᠭᠡ ᠠᠳᠡᠯ ᠤᠨ ᠲᠠᠯᠳᠠ ᠭᠡᠮ ᠢ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠠᠵᠢᠯᠯᠠᠭ᠎ᠠ ᠶᠢᠨ ︽ᠡᠷᠭᠢᠵᠦ ᠬᠠᠷᠠᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠵᠤ ᠠᠬᠤᠶᠢᠯᠠᠯ ᠢ ᠰᠢᠪᠠᠳᠠᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠢ ᠴᠢᠩᠭ᠎ᠠ ᠭᠦᠢᠴᠡᠳᠬᠡᠭᠦᠯᠵᠦ᠂ ᠠᠶᠤᠯᠭᠦᠢ ᠶᠢᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠳᠡᠯ ᠤᠨ ᠲᠠᠯᠳᠠ ᠭᠡᠮ ᠢ ᠦᠨᠡᠨ ᠬᠦ ᠡᠬᠢ ᠰᠤᠷᠪᠤᠯᠵᠢ ᠠᠴᠠ ᠨᠢ ᠠᠷᠢᠯᠭᠠᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠬᠤ ᠬᠡᠷᠡᠭᠳᠡᠢ᠃ ᠪᠥᠬᠦ ᠣᠷᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠣᠷᠣᠭᠤᠯᠤᠯᠲᠠ ᠪᠠᠨ ᠨᠡᠮᠡᠭᠳᠡᠭᠦᠯᠦᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠪᠠᠨ ᠴᠢᠩᠭᠠᠳᠬᠠᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠣᠷᠣᠭᠰᠢᠳᠠᠢ ᠠᠬᠢᠬᠤ ᠶᠢ ᠪᠡᠶᠡᠯᠡᠬᠦᠯᠬᠦ ᠬᠡᠷᠡᠭᠳᠡᠢ ᠭᠡᠵᠡᠢ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠦᠬᠠᠢ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠭᠦᠢᠴᠡᠳᠬᠡᠭᠰᠡᠨ᠂ ᠪᠦᠬᠦ ᠤᠯᠤᠰ ᠤᠨ ᠬᠤᠣᠷ᠎ᠠ ᠴᠠᠭᠠᠵᠠᠯᠠᠬᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠪᠣᠬᠢᠷᠲᠤᠯ ᠦᠭᠡᠢ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠵᠡᠷᠭᠡ ᠲᠠᠯ᠎ᠠ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号