ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/14
     9 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠠᠯᠪᠠᠨ ᠠᠴᠠ ᠪᠦᠲᠦᠭᠡᠨ ᠪᠠᠶᠢᠭᠤᠯᠬᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠭᠦᠸᠧ ᠢ ᠵᠢᠶᠧ᠂ ᠸᠠᠩ ᠵᠢᠢ ᠫᠢᠩ᠂ ᠵᠠᠩ ᠮᠢᠩ ᠮᠢᠩ ᠣᠷᠣᠯᠴᠠᠵᠠᠢ᠃      ᠬᠤᠷᠠᠯ ᠠᠴᠠ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠠᠯᠪᠠᠨ ᠠᠴᠠ ᠪᠠᠶᠢᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ 2023 ᠣᠨ ᠤ ᠬᠠᠶᠢᠷᠤᠪ ᠤᠨ ᠲᠣᠬᠤᠢ ᠲᠣᠭᠤᠷᠢᠭ ᠤᠨ ᠢᠯᠴᠢ ᠬᠠᠩᠭᠠᠬᠤ ᠪᠠᠲᠤᠯᠠᠭ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠡ᠃ ᠼᠦᠢ ᠵᠢᠩ ᠶᠢᠩ ᠬᠡᠯᠡᠭᠰᠡᠨ ᠨᠢ᠂ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠬᠤᠳᠠ ᠶᠢᠨ ᠤᠯᠠᠨ ᠨᠡᠶᠢᠲᠡ ᠶᠢᠨ ᠰᠣᠶᠣᠯ ᠤᠨ ᠲᠥᠪ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠬᠤ ᠬᠡᠷᠡᠭᠲᠡᠢ᠃ ᠠᠰᠠᠭᠤᠳᠠᠯ ᠢᠶᠠᠨ ᠵᠠᠯᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠢᠨᠵᠧᠨᠧᠷᠢᠩ ᠢ ᠵᠢᠷᠤᠵᠤ ᠲᠥᠯᠥᠪᠯᠡᠬᠦ᠂ ᠭᠡᠷ᠎ᠡ ᠲᠣᠭᠲᠠᠬᠤ᠂ ᠭᠠᠷ ᠭᠦᠢᠴᠡᠳᠬᠡᠯ ᠭᠦᠢᠴᠡᠳᠬᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠣᠳᠣᠯᠭ᠎ᠠ ᠶᠢ ᠤᠨᠢᠨ ᠳᠡᠭᠡᠷ᠎ᠡ ᠨᠢ ᠡᠷᠴᠢᠮᠲᠡᠢ ᠬᠡᠷᠡᠭᠵᠢᠭᠦᠯᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠪᠠᠨ ᠴᠢᠩᠭ᠎ᠠ ᠠᠳᠬᠤᠵᠤ᠂ ᠶᠠᠰᠤ ᠴᠢᠨᠠᠷ ᠢᠶᠠᠷ ᠰᠠᠶᠢᠨ ᠰᠢᠯᠢᠳᠡᠭ ᠢᠨᠵᠧᠨᠧᠷᠢᠩ ᠪᠣᠯᠣᠨ ᠤᠯᠠᠨ ᠲᠦᠮᠡᠨ ᠤ ᠰᠡᠳᠬᠢᠯ ᠬᠠᠨᠤᠮᠵᠢᠲᠠᠢ ᠠᠷᠠᠳ ᠤᠨ ᠰᠡᠳᠬᠢᠯ ᠤᠨ ᠢᠨᠵᠧᠨᠧᠷᠢᠩ ᠢ ᠬᠦᠴᠦᠯᠡᠨ ᠪᠠᠶᠢᠭᠤᠯᠬᠤ ᠬᠡᠷᠡᠭᠲᠡᠢ᠃ ᠠᠬᠢᠴᠠ ᠪᠠᠨ ᠠᠳᠬᠤᠬᠤ᠂ ᠶᠠᠰᠤ ᠴᠢᠨᠠᠷ ᠢ ᠪᠠᠲᠤᠯᠠᠬᠤ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠬᠤ᠂ ᠵᠢᠷᠤᠭ ᠡᠯᠭᠦᠵᠦ ᠪᠠᠶᠢᠯᠳᠤᠭᠠᠨ ᠬᠢᠬᠦ ᠶᠢ ᠪᠠᠲᠤᠯᠠᠵᠤ᠂ ᠴᠠᠬᠢᠯᠭᠠᠨ ᠬᠦᠴᠦᠨ ᠤ ᠱᠤᠭᠤᠮ᠂ ᠭᠠᠵᠠᠷ ᠳᠣᠣᠷᠠᠬᠢ ᠬᠤᠭᠤᠯᠠᠢ  ᠶᠢᠨ ᠲᠣᠣᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ᠂ ᠳᠣᠲᠣᠭᠠᠳᠤ ᠶᠢᠨ ᠵᠠᠰᠠᠯ ᠴᠢᠮᠡᠭᠯᠡᠯ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠠᠯᠪᠠᠨ ᠠᠴᠠ ᠪᠠᠶᠢᠭᠤᠯᠬᠤ ᠲᠦᠷᠦᠯ ᠵᠦᠢᠯ ᠪᠣᠯᠣᠨ ᠬᠤᠳᠠ ᠶᠢᠨ ᠶᠠᠪᠤᠳᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠪᠠᠲᠤᠯᠠᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠦᠷᠢᠮ ᠲᠣᠭᠲᠠᠴᠠ ᠪᠠᠨ ᠲᠡᠭᠦᠯᠳᠡᠷᠵᠢᠭᠦᠯᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢᠶᠠᠨ ᠱᠠᠯᠠᠪᠳᠠᠨ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠢ ᠡᠷᠲᠡᠬᠡᠨ ᠪᠠᠶᠢᠭᠤᠯᠤᠨ ᠳᠠᠭᠤᠰᠬᠠᠵᠤ ᠪᠡᠯᠡ ᠣᠷᠣᠭᠤᠯᠬᠤ ᠶᠢ ᠪᠠᠲᠤᠯᠠᠬᠤ ᠬᠡᠷᠡᠭᠲᠡᠢ᠃ ᠡᠷᠲᠡ ᠠᠴᠠ ᠲᠥᠯᠥᠪᠵᠢᠭᠦᠯᠵᠦ᠂ ᠨᠠᠷᠢᠯᠢᠭ ᠪᠠᠶᠢᠷᠢᠯᠠᠭᠤᠯᠵᠤ᠂ ᠲᠦᠯᠡᠰᠢ ᠨᠥᠭᠡᠴᠡᠯᠡᠬᠦ᠂ ᠢᠯᠴᠢ ᠡᠭᠦᠰᠬᠡᠭᠴᠢ ᠶᠢ ᠲᠣᠬᠢᠷᠠᠭᠤᠯᠬᠤ᠂ ᠢᠯᠴᠢ ᠶᠢᠨ ᠲᠡᠩᠴᠡᠭᠦᠷᠢ ᠶᠢ ᠪᠠᠲᠤᠯᠠᠬᠤ᠂ ᠲᠣᠨᠤᠭ ᠲᠥᠬᠦᠭᠡᠷᠦᠮᠵᠢ ᠪᠠᠨ ᠪᠠᠶᠢᠴᠠᠭᠠᠨ ᠵᠠᠰᠠᠬᠤ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠢᠯᠴᠢ ᠬᠠᠩᠭᠠᠬᠤ ᠪᠡᠯᠡᠳᠬᠡᠯ ᠠᠵᠢᠯ  ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤᠷ ᠲᠦᠪᠰᠢᠨ ᠲᠣᠭᠲᠠᠭᠤᠨ ᠢᠶᠠᠷ ᠢᠯᠴᠢ ᠬᠠᠩᠭᠠᠬᠤ ᠶᠢ ᠪᠠᠲᠤᠯᠠᠵᠤ᠂ ᠥᠷᠭᠡᠨ ᠣᠯᠠᠨ ᠲᠦᠮᠡᠨ ᠢ ᠳᠤᠯᠠᠭᠠᠨ ᠪᠦᠯᠢᠶᠡᠨ ᠢᠶᠠᠷ ᠡᠪᠦᠯ ᠢ ᠥᠩᠭᠡᠷᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号