ᠲᠠᠩ ᠢ ᠬᠠᠲᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠤᠰᠤ ᠡᠯᠡᠰᠦ ᠶᠢ ᠲᠣᠬᠢᠷᠠᠭᠤᠯᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2023/9/14
     9 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠤᠰᠤ ᠡᠯᠡᠰᠦ ᠶᠢ ᠲᠣᠬᠢᠷᠠᠭᠤᠯᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠣᠣ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠭᠤᠸ ᠪᠥᠸᠧ᠂ ᠬᠠᠲᠤᠨ ᠭᠤᠣᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠦᠢᠯᠡᠰ ᠤᠨ ᠬᠦᠭᠵᠢᠬᠦᠯᠦᠯᠳᠡ ᠶᠢᠨ ᠲᠥᠪ ᠤᠨ ᠡᠷᠬᠢᠯᠡᠭᠴᠢ ᠹᠠᠨ ᠴᠢᠤᠸᠠᠨ ᠣᠷᠣᠯᠴᠠᠵᠠᠢ᠃      ᠲᠠᠩ ᠢ ᠤᠷᠢᠳ ᠬᠤᠵᠢᠳ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠪᠠ ᠴᠥᠭᠦᠷᠥᠮ ᠤᠨ ᠣᠷᠣᠨ ᠤ ᠡᠷᠭᠢ ᠳᠠᠭᠠᠤ ᠬᠦᠷᠴᠦ᠂ ᠴᠥᠭᠦᠷᠥᠮ ᠤᠨ ᠣᠷᠣᠨ ᠤ ᠡᠯᠡᠰᠦ ᠰᠢᠪᠠᠷ ᠬᠤᠷᠠᠭᠰᠠᠨ᠂ ᠦᠶᠡᠷ ᠵᠠᠯᠠᠬᠤ ᠬᠠᠭᠠᠯᠲᠠ ᠶᠢᠨ ᠡᠯᠡᠰᠦ ᠭᠠᠳᠠᠭᠰᠢᠯᠠᠭᠤᠯᠤᠭᠰᠠᠨ᠂ ᠤᠷᠭᠤᠮᠠᠯ ᠤᠨ ᠤᠷᠭᠤᠯᠲᠠ ᠶᠢᠨ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠴᠥᠭᠦᠷᠥᠮ ᠤᠨ ᠣᠷᠣᠨ ᠤ ᠤᠰᠤᠨ ᠲᠦᠪᠰᠢᠨ ᠵᠢᠴᠢ ᠡᠳᠦᠷ ᠪᠦᠷᠢ ᠶᠢᠨ ᠴᠦᠬᠦᠷᠦᠮ ᠠᠴᠠ ᠭᠠᠷᠭᠠᠬᠤ ᠤᠷᠤᠰᠬᠠᠯ ᠤᠨ ᠬᠡᠮᠵᠢᠶ᠎ᠡ᠂ ᠡᠯᠡᠰᠦ ᠭᠠᠳᠠᠭᠰᠢᠯᠠᠭᠤᠯᠤᠭᠰᠠᠨ ᠬᠡᠮᠵᠢᠶ᠎ᠡ ᠵᠡᠷᠭᠡ ᠲᠤᠭ᠎ᠠ ᠪᠠᠷᠢᠮᠲᠠ ᠶᠢ ᠨᠢ ᠨᠠᠷᠢᠨ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ ᠤᠰᠤ ᠪᠠ ᠡᠯᠡᠰᠦ ᠶᠢ ᠲᠣᠬᠢᠷᠠᠭᠤᠯᠬᠤ ᠨᠢ ᠴᠥᠭᠦᠷᠥᠮ ᠤᠨ ᠣᠷᠣᠨ ᠤ ᠲᠤᠨᠤᠮᠠᠯ ᠪᠠᠶᠢᠳᠠᠯ ᠢ ᠰᠠᠶᠢᠵᠢᠷᠠᠭᠤᠯᠬᠤ᠂ ᠴᠥᠭᠦᠷᠥᠮ ᠤᠨ ᠪᠦᠲᠦᠮᠵᠢᠲᠡᠶ ᠪᠠᠭᠲᠠᠭᠠᠮᠵᠢ ᠶᠢ ᠰᠡᠷᠭᠦᠭᠡᠬᠦ᠂ ᠬᠠᠲᠤᠨ ᠭᠤᠣᠯ ᠤᠨ ᠳᠣᠣᠷᠠᠳᠤ ᠤᠷᠤᠰᠬᠠᠯ ᠤᠨ ᠭᠤᠣᠯ ᠤᠨ ᠵᠠᠮ ᠤᠨ ᠦᠶᠡᠷ ᠥᠩᠭᠡᠷᠡᠭᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨᠵᠢᠯᠡᠬᠦ ᠤᠬᠠᠭᠠᠨᠴᠢ ᠪᠠᠷ ᠲᠦᠷᠦ ᠶᠢᠨ ᠪᠣᠳᠣᠯᠭ᠎ᠠ ᠬᠡᠷᠡᠭᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯᠡᠰᠦ ᠭᠠᠳᠠᠭᠰᠢᠯᠠᠭᠤᠯᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠰᠤ ᠪᠠ ᠡᠯᠡᠰᠦ ᠲᠣᠬᠢᠷᠠᠭᠤᠯᠬᠤ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠡᠭᠡᠭᠰᠢ ᠵᠣᠯᠭᠠᠭᠤᠯᠬᠤ ᠪᠠᠨ ᠴᠢᠩᠭᠠᠳᠬᠠᠵᠤ᠂ ᠤᠰᠤ ᠪᠠ ᠡᠯᠡᠰᠦ ᠶᠢ ᠬᠠᠮᠲᠤᠷᠠᠨ ᠲᠣᠬᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠵᠤ᠂ ᠴᠥᠭᠦᠷᠥᠮ ᠤᠨ ᠣᠷᠣᠨ ᠤ ᠡᠯᠡᠰᠦ ᠰᠢᠪᠠᠷ ᠬᠤᠷᠠᠭᠰᠠᠨ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠴᠥᠭᠦᠷᠥᠮ ᠤᠨ ᠣᠷᠣᠨ ᠤ ᠲᠤᠨᠤᠮᠠᠯ᠂ ᠠᠮᠢᠲᠠᠨ ᠤᠷᠭᠤᠮᠠᠯ ᠤᠨ ᠥᠰᠦᠯᠲᠡ ᠪᠠ ᠤᠰᠤᠨ ᠵᠦᠢ ᠶᠢᠨ ᠣᠨᠴᠠᠯᠢᠭ ᠵᠡᠷᠭᠡ ᠲᠤᠭ᠎ᠠ ᠪᠠᠷᠢᠮᠲᠠ ᠶᠢᠨ ᠬᠢᠨᠠᠨ ᠬᠡᠮᠵᠢᠯᠲᠡ ᠶᠢᠨ ᠲᠡᠮᠳᠡᠭᠯᠡᠯ ᠢᠶᠠᠨ ᠰᠠᠶᠢᠲᠤᠷ ᠬᠢᠵᠦ᠂ ᠵᠢᠮ᠎ᠡ ᠶᠣᠰᠣ ᠶᠢ ᠨᠢ ᠲᠣᠳᠣᠷᠬᠠᠢ ᠣᠶᠢᠯᠠᠭᠠᠨ᠂ ᠬᠤᠪᠢᠷᠠᠯᠲᠠ ᠶᠢ ᠨᠢ ᠡᠵᠡᠮᠰᠢᠵᠦ᠂ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠤᠬᠠᠭᠤᠯᠤᠨ ᠰᠡᠷᠡᠮᠵᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠤᠰᠤᠨ ᠳᠤ ᠵᠢᠪᠬᠦ ᠵᠡᠷᠭᠡ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号