ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/15
     9 ᠰᠠᠷ᠎ᠠ ᠶᠢᠨ 14 ᠤ ᠡᠳᠦᠷ᠂ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠯᠢ ᠭᠠᠩ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠰᠦᠨ ᠴᠢᠩ ᠣᠷᠣᠯᠴᠠᠪᠠ᠃ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠢᠶᠣᠤ ᠲᠢᠶᠠᠨ ᠹᠧᠩ ᠳᠠᠶᠢᠴᠢᠯᠠᠯᠲᠠ ᠪᠠᠶᠢᠷᠢᠯᠠᠭᠤᠯᠤᠯᠲᠠ ᠬᠢᠵᠡᠢ᠃ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠬᠢᠷᠤᠯ ᠯᠢ ᠫᠢᠩ ᠬᠤᠷᠠᠯ ᠡᠷᠬᠢᠯᠡᠪᠡ᠃      ᠴᠢᠶᠣᠤ ᠲᠢᠶᠠᠨ ᠹᠧᠩ ᠬᠡᠯᠡᠭᠰᠡᠨ ᠨᠢ᠂ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠤᠶᠠᠳᠤᠭᠠᠷ ᠡᠭᠡᠯᠵᠢ ᠶᠢ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠬᠤᠶᠠᠳᠤᠭᠠᠷ ᠡᠬᠡᠯᠵᠢ ᠶᠢᠨ ᠭᠤᠣᠯ ᠰᠡᠳᠦᠪᠲᠦ ᠬᠥᠮᠦᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ  ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠪᠠᠷ ᠬᠡᠷᠡᠭᠵᠢᠭᠦᠯᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠨᠠᠪᠲᠠᠷᠡᠭᠦᠯᠵᠦ᠂ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠯᠡᠨ ᠠᠬᠢᠭᠤᠯᠬᠤ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠨᠠᠶᠢᠳᠠᠯᠭ᠎ᠠ ᠶᠢ ᠪᠠᠲᠤ ᠴᠡᠭᠡᠵᠢᠯᠡᠬᠦ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ᠂ ᠳᠡᠭᠡᠳᠦ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠯᠢ ᠭᠠᠩ ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠠᠯᠲᠠ ᠶᠢᠨ ᠱᠠᠭᠠᠷᠳᠠᠯᠭ᠎ᠠ ᠪᠠ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠡᠪᠲᠡᠷᠡᠭᠦᠯᠦᠨ ᠠᠭᠤᠰᠤᠯᠴᠠᠭᠤᠯᠵᠤ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠠᠭᠤᠰᠤᠯᠴᠠᠭᠤᠯᠤᠨ ᠰᠠᠶᠢᠲᠤᠷ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠢ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠲᠠᠢ ᠤᠶᠠᠯᠳᠤᠭᠤᠯᠤᠨ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠨᠡᠶᠢᠭᠡᠮ ᠤᠨ ᠦᠢᠯᠡᠴᠢᠯᠡᠭᠡ ᠵᠡᠷᠭᠡ ᠳᠡᠭᠡᠳᠦ ᠰᠤᠷᠭᠠᠭᠤᠯᠢ ᠶᠢᠨ ᠭᠤᠣᠯ ᠠᠵᠢᠯ ᠲᠠᠢ ᠪᠠᠨ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠴᠢᠩᠭ᠎ᠠ ᠪᠣᠳᠠᠲᠠᠢ ᠰᠤᠷᠲᠠᠯ ᠢᠶᠠᠷ ᠢᠳᠡᠪᠭᠢᠳᠡᠢ ᠬᠢᠨᠠᠨ ᠵᠢᠯᠤᠭᠤᠳᠴᠤ᠂ ᠠᠳᠠᠯᠢ ᠰᠡᠳᠦᠪ ᠢ ᠬᠠᠮᠲᠤᠪᠠᠷ ᠬᠠᠷᠢᠭᠤᠯᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠠᠵᠢᠯ ᠢᠶᠠᠨ ᠬᠠᠪᠰᠤᠷᠤᠨ ᠦᠢᠯᠡᠴᠢᠯᠡᠬᠦ ᠳᠤᠮᠳᠠ ᠪᠠᠭᠲᠠᠭᠠᠵᠤ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠳᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号