ᠲᠠᠩ ᠢ ᠠᠦ᠋ᠰᠲᠷᠠᠯᠢᠶ᠎ᠠ ᠶᠢᠨ ᠵᠢᠶᠠᠩᠰᠤ ᠶᠢᠨ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠬᠤᠯᠪᠣᠭᠠᠲᠤ ᠬᠤᠷᠠᠯ ᠤᠨ ᠳᠠᠷᠤᠭ᠎ᠠ ᠴᠧᠨ ᠶᠢᠨ ᠰᠢᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/9/15
     9 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠠᠦ᠋ᠰᠲᠷᠠᠯᠢᠶ᠎ᠠ ᠶᠢᠨ ᠵᠢᠶᠠᠩᠰᠤ ᠶᠢᠨ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠬᠤᠯᠪᠣᠭᠠᠲᠤ ᠬᠤᠷᠠᠯ ᠤᠨ ᠳᠠᠷᠤᠭ᠎ᠠ ᠴᠧᠨ ᠶᠢᠨ ᠰᠢᠨ ᠨᠠᠷ ᠲᠠᠢ ᠠᠭᠤᠯᠵᠠᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ᠂ ᠭᠤᠸ ᠪᠥᠸᠧ ᠠᠭᠤᠯᠵᠠᠯᠲᠠ ᠳᠤ ᠣᠷᠣᠯᠴᠠᠪᠠ᠃      ᠲᠠᠩ ᠢ ᠴᠧᠨ ᠶᠢᠨ ᠰᠢᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠦᠬᠠᠢ ᠬᠤᠳᠠ ᠶᠢᠨ ᠬᠢᠨ ᠰᠠᠶᠢᠨ ᠰᠠᠶᠢᠬᠠᠨ ᠡᠬᠢ ᠪᠠᠶᠠᠯᠢᠭ ᠤᠨ ᠳᠠᠪᠠᠭᠤᠯᠢᠭ ᠪᠣᠯᠣᠨ ᠡᠯᠪᠡᠭ ᠪᠠᠶᠠᠯᠢᠭ ᠠᠵᠤ ᠦᠢᠯᠡᠰ ᠤᠨ ᠰᠠᠭᠤᠷᠢ ᠳᠠᠭᠠᠨ ᠲᠦᠰᠢᠭᠯᠡᠨ᠂ ᠤᠯᠠᠮᠵᠢᠯᠠᠯᠲᠤ ᠠᠵᠤ ᠦᠢᠯᠡᠰ ᠤᠨ ᠲᠡᠰ ᠲᠡᠪᠰᠢᠬᠦ ᠶᠢ ᠬᠦᠴᠦᠯᠡᠨ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠨᠢᠭᠡ ᠪᠦᠯᠦᠭ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠰᠢᠯᠢᠳᠡᠭ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠵᠤ᠂ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠲᠦᠷᠭᠡᠨ ᠪᠣᠯᠵᠤ᠂ ᠪᠡᠯᠡ ᠣᠷᠣᠭᠤᠯᠵᠤ ᠦᠢᠯᠡᠰ ᠬᠥᠭᠵᠢᠭᠦᠯᠬᠦ ᠴᠠᠭ ᠦᠶ᠎ᠡ ᠳᠡᠭᠡᠨ ᠲᠣᠬᠢᠷᠠᠵᠠᠢ᠃ ᠠᠦ᠋ᠰᠲᠷᠠᠯᠢᠶ᠎ᠠ ᠶᠢᠨ ᠵᠢᠶᠠᠩᠰᠤ ᠶᠢᠨ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠬᠤᠯᠪᠣᠭᠠᠲᠤ ᠬᠤᠷᠠᠯ ᠤᠨ ᠬᠢᠨ ᠬᠤᠳᠠᠯᠳᠤᠭᠠᠴᠢᠳ ᠤᠨ ᠡᠪᠯᠡᠯ ᠤᠨ ᠳᠠᠪᠠᠭᠤᠯᠢᠭ ᠪᠣᠯᠣᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠪᠲᠡᠷᠡᠯᠴᠡᠭᠡ ᠵᠠᠯᠭᠠᠯᠳᠤᠯᠭ᠎ᠠ ᠪᠠᠨ ᠴᠢᠩᠭᠠᠳᠬᠠᠨ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠴᠢᠷᠮᠠᠶᠢᠨ ᠪᠡᠶᠡᠯᠡᠬᠦᠯᠬᠦ ᠬᠡᠷᠡᠭᠳᠡᠢ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠦᠬᠠᠢ ᠳᠤ ᠢᠷᠡᠵᠦ ᠦᠢᠯᠡᠰ ᠪᠤᠰᠬᠠᠬᠤ᠂ ᠪᠤᠵᠠᠭᠠᠶᠢᠷᠠᠨ ᠬᠦᠴᠦᠷᠬᠡᠭᠵᠢᠬᠦ ᠳᠤ ᠬᠦᠴᠦᠨ ᠨᠡᠮᠡᠷᠢᠯᠡᠨ᠎ᠡ ᠭᠡᠵᠡᠢ᠃      ᠴᠧᠨ ᠶᠢᠨ ᠰᠢᠨ ᠢᠯᠡᠷᠬᠡᠶᠢᠯᠡᠭᠰᠡᠨ ᠨᠢ᠂ ᠦᠬᠠᠢ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠰᠠᠶᠢᠨ᠂ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠣᠯᠣᠯᠴᠠᠭ᠎ᠠ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠣᠶᠣᠯ ᠵᠢᠭᠤᠯᠴᠢᠯᠠᠯ ᠤᠨ ᠠᠵᠤ ᠦᠢᠯᠡᠰ ᠵᠡᠷᠭᠡ ᠬᠦᠷᠢᠶᠡᠨ ᠤ ᠲᠣᠭᠤᠷᠢᠨ ᠳᠤ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠠᠮᠲᠤᠷᠠᠯᠴᠠᠭᠠᠨ ᠤ ᠣᠷᠣᠨ ᠵᠠᠢ ᠪᠠᠨ ᠢᠳᠡᠪᠬᠢᠲᠡᠢ ᠪᠠᠷ ᠥᠷᠭᠡᠳᠬᠡᠨ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号