ᠬᠤᠳᠠ ᠶᠢᠨ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠣᠭᠠᠷ ᠣᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2023/9/15
     9 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠣᠭᠠᠷ ᠣᠳᠠᠭᠠᠨ ᠤ ᠬᠤᠷᠠᠯ ᠬᠤᠷᠠᠯᠳᠤᠵᠤ᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ ︵ᠨᠢᠭᠡᠳᠦᠭᠡᠷ ᠪᠣᠳᠢ︶︾ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠭᠤᠣᠯᠳᠠᠯᠭ᠎ᠠ ᠲᠠᠢ ᠠᠵᠢᠯ ᠢᠶᠠᠨ ᠪᠠᠶᠢᠷᠢᠯᠠᠭᠤᠯᠵᠤ᠂ ᠪᠦᠬᠦ ᠬᠤᠳᠠ ᠶᠢᠨ ᠭᠤᠣᠯ ᠰᠡᠳᠦᠪᠲᠦ ᠬᠥᠮᠦᠵᠢᠯ ᠤᠨ ᠦᠳᠲᠡᠷ ᠲᠦᠷᠭᠡᠨ ᠡᠬᠢᠯᠡᠯᠲᠡ ᠶᠢ ᠠᠬᠢᠭᠤᠯᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠲᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠼᠦᠢ ᠵᠢᠩ ᠶᠢᠩ᠂ ᠰᠦᠨ ᠬᠤᠤ᠂ ᠯᠢ ᠠᠩ᠂ ᠯᠢ ᠴᠦᠨ ᠰᠢᠶᠣᠣ᠂ ᠶᠠᠨ ᠳ᠋ᠦᠩ᠂ ᠬᠤᠤ ᠰᠢ ᠬᠤᠩ᠂ ᠯᠢ ᠳ᠋ᠦᠩ᠂ ᠮᠧᠩ ᠫᠧᠢ ᠶᠦᠨ ᠬᠤᠷᠠᠯ ᠳᠤ ᠣᠷᠣᠯᠴᠠᠪᠠ᠃      ᠲᠠᠩ ᠢ ᠭᠡᠯᠡᠭᠰᠡᠨ ᠨᠢ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠳᠤ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠪᠣᠯ ᠭᠤᠣᠯᠳᠠᠯᠭ᠎ᠠ ᠪᠣᠯᠣᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ︽ᠳᠠᠭᠠᠭᠤᠯᠤᠭᠴᠢ︾ ᠶᠢᠨ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠤᠷᠢᠳᠠᠪᠠᠷ ᠰᠤᠷᠤᠯᠴᠠᠵᠦ᠂ ᠭᠦᠨᠵᠡᠭᠡᠢ ᠰᠤᠷᠤᠯᠴᠠᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ᠪᠠᠶᠢᠭᠠᠳ ︽ᠰᠤᠷᠤᠯᠴᠠᠬᠤ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠪᠠᠨ ᠠᠬᠢᠭᠤᠯᠬᠤ︾ ᠳᠡᠭᠡᠷ᠎ᠡ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠵᠤ᠂ ᠲᠡᠷᠡ ᠬᠡᠪ ᠢᠶᠠᠷ ᠨᠢ ᠰᠤᠷᠤᠯᠴᠠᠬᠤ᠂ ᠨᠠᠷᠢᠨ ᠬᠢᠨᠠᠮᠠᠭᠠᠢ ᠦᠨᠡᠨᠬᠦ ᠰᠠᠶᠢᠵᠢᠷᠠᠭᠤᠯᠬᠤ᠂ ᠦᠨᠡᠨᠴᠢ ᠰᠢᠳᠤᠷᠭᠤ ᠪᠠᠷ ᠠᠵᠢᠯᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠵᠥᠪ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢᠶᠠᠨ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ᠭᠠᠵᠠᠷ ᠣᠷᠣᠨ ᠤ ᠬᠥᠭᠵᠢᠯᠲᠡ ᠶᠢ ᠲᠦᠯᠬᠢᠨ ᠠᠬᠢᠭᠤᠯᠬᠤ ᠲᠠᠯ᠎ᠠ ᠪᠠᠷ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠡᠯ᠎ᠡ ᠲᠠᠯ᠎ᠠ ᠶᠢᠨ ᠠᠵᠢᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠦᠨᠡᠨ ᠬᠦ ᠠᠬᠢᠭᠤᠯᠬᠤ ᠬᠡᠷᠡᠭᠳᠡᠢ᠃ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠨᠤᠯ ᠰᠤᠷᠤᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠨᠠᠪᠲᠠᠷᠡᠭᠦᠯᠵᠦ᠂ ᠣᠷᠭᠠᠨᠢᠭ ᠢᠶᠠᠷ ᠠᠭᠤᠰᠤᠯᠴᠠᠭᠤᠯᠵᠤ᠂ ᠡᠨᠡ ᠵᠢᠯ ᠤᠨ ᠬᠠᠷᠠᠯᠲᠠ ᠡᠭᠦᠷᠭᠡ ᠪᠣᠯᠣᠨ ᠢᠷᠡᠬᠦ ᠵᠢᠯ ᠤᠨ ᠲᠥᠯᠥᠪᠯᠡᠭᠡ ᠶᠢᠨ ᠲᠣᠬᠢᠷᠠᠭᠤᠯᠤᠯᠲᠠ ᠪᠠᠨ ᠨᠢᠭᠡᠳᠦᠯᠲᠡᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠪᠣᠯᠣᠨ ᠡᠯ᠎ᠡ ᠵᠦᠢᠯ ᠤᠨ ᠠᠵᠢᠯ ᠢᠶᠠᠨ ᠬᠤᠶᠠᠷ ᠲᠠᠯ᠎ᠠ ᠪᠠᠷ ᠠᠳᠬᠤᠵᠤ ᠬᠤᠶᠠᠷ ᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠪᠦᠬᠦᠨ ᠢ ᠬᠠᠮᠤᠷᠬᠤ᠂ ᠥᠨᠴᠥᠭ ᠪᠤᠯᠤᠩ ᠦᠯᠡᠳᠡᠭᠡᠬᠦ ᠦᠭᠡᠢ᠂ ᠰᠣᠬᠤᠷ ᠪᠠᠯᠠᠢ ᠭᠠᠵᠠᠷ ᠭᠠᠷᠭᠠᠬᠤ ᠦᠭᠡᠢ ᠪᠠᠶᠢᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠨᠢᠭᠡᠪᠦᠷᠢ ᠶᠢ ᠴᠥᠮ ᠣᠷᠣᠯᠴᠠᠭᠤᠯᠵᠤ᠂ ᠬᠥᠮᠥᠨ ᠪᠦᠬᠦᠨ ᠢ ᠣᠷᠣᠯᠴᠠᠭᠤᠯᠵᠤ᠂ ᠨᠢᠭᠡ ᠨᠢᠭᠡ ᠪᠠᠷ ᠢᠶᠠᠨ ᠬᠥᠮᠦᠵᠢᠯ ᠬᠦᠷᠳᠡᠬᠦ ᠶᠢ ᠪᠡᠶᠡᠯᠡᠭᠦᠯᠬᠦ ᠬᠡᠷᠡᠭᠲᠡᠢ᠃ ᠠᠷᠭ᠎ᠠ ᠬᠡᠯᠪᠡᠷᠢ ᠪᠠᠨ ᠰᠠᠶᠢᠵᠢᠷᠠᠭᠤᠯᠬᠤ ᠶᠢ ᠠᠩᠬᠠᠷᠴᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠦᠷ᠎ᠡ ᠪᠦᠲᠦᠮᠵᠢ ᠶᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂ ᠨᠢᠭᠡᠳᠦᠭᠡᠷ ᠡᠬᠡᠯᠵᠢ  ᠶᠢᠨ ᠭᠤᠣᠯ ᠰᠡᠳᠦᠪᠲᠦ ᠬᠥᠮᠦᠵᠢᠯ ᠤᠨ ᠪᠦᠲᠦᠮᠵᠢᠲᠡᠢ ᠠᠷᠭ᠎ᠠ ᠬᠢᠳᠡᠯ ᠪᠣᠯᠣᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠣᠷᠭᠢᠯᠤᠨ ᠪᠠᠳᠠᠷᠠᠭᠰᠠᠨ ᠰᠤᠷᠤᠯᠴᠠᠯᠭ᠎ᠠ᠂ ᠠᠵᠢᠯ ᠤᠨ ᠬᠠᠯᠠᠭᠤᠨ ᠰᠡᠳᠬᠢᠯᠭᠡ ᠶᠢ ᠨᠢ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠥᠪᠯᠡᠷᠡᠭᠦᠯᠵᠦ᠂ ᠤᠯᠠᠨ ᠲᠦᠮᠡᠨ ᠤ ︽ᠨᠠᠮ ᠤᠨ ᠠᠴᠢ ᠶᠢ ᠬᠠᠷᠢᠭᠤᠯᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠡᠭᠦᠷᠢᠳᠡ ᠳᠠᠭᠠᠬᠤ︾ ᠤᠬᠠᠮᠰᠠᠷ ᠢ ᠨᠢ ᠦᠨᠡᠨᠬᠦ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠢ ᠦᠨᠡᠨᠬᠦ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠬᠥᠮᠥᠰ ᠤᠨ ᠰᠡᠳᠬᠢᠯ ᠢ ᠬᠥᠳᠡᠯᠭᠡᠵᠦ᠂ ᠬᠥᠮᠥᠰ ᠤᠨ ᠰᠡᠳᠬᠢᠯ ᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ︽ᠲᠤᠤᠷ᠎ᠠ ᠳᠡᠰ ᠤᠨ ᠣᠯᠠᠭᠠᠨ︾ ︽ᠲᠡᠭᠡᠷ᠎ᠡ ᠳᠡᠰ ᠤᠨ ᠬᠠᠷ᠎ᠠ︾ ᠦᠵᠡᠭᠳᠡᠯ ᠢ ᠡᠷᠡᠰ ᠬᠤᠷᠢᠭᠯᠠᠵᠤ᠂ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ︾ ᠳᠡᠭᠡᠷ᠎ᠡ ᠳᠣᠣᠷ᠎ᠠ ᠱᠠᠳᠣ ᠪᠠᠷ ᠢᠶᠠᠨ ᠬᠦᠴᠦᠲᠡᠢ ᠠᠷᠭ᠎ᠠ ᠬᠡᠮᠵᠢᠶ᠎ᠡ ᠠᠪᠴᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠢ ᠰᠠᠶᠢᠲᠤᠷ ᠠᠳᠬᠤᠵᠤ᠂ ︽ᠤᠳᠠᠭᠠᠨ︾ ︽ᠪᠦᠳᠦᠭᠦᠯᠢᠭ︾ ︽ᠬᠡᠶᠢᠰᠪᠦᠷᠢ︾ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ  ᠪᠠᠨ ᠴᠢᠩᠭᠠᠳᠬᠠᠵᠤ᠂ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ ᠬᠠᠮᠲᠤᠪᠠᠷ ᠴᠢᠩᠭ᠎ᠠ ᠪᠦᠭᠡᠳ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号