ᠭᠤᠣᠯ ᠰᠡᠳᠦᠪᠲᠦ ᠬᠥᠮᠦᠵᠢᠯ᠄ ᠪᠦᠬᠦ ᠬᠤᠲᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2023/9/15
     9 ᠰᠠᠷ᠎ᠠ ᠶᠢᠨ 14 ᠤ ᠡᠳᠦᠷ᠂ ᠪᠦᠬᠦ ᠬᠤᠳᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠲᠠᠩ ᠢ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠯᠢ ᠭᠠᠩ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠰᠦᠨ ᠴᠢᠩ᠂ ᠬᠤᠲᠠ ᠶᠢᠨ ᠤᠳᠤᠷᠢᠳᠤᠯᠭ᠎ᠠ ᠹᠧᠩ ᠰᠢᠤᠸᠠᠢ ᠲᠤᠸ᠂ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠯᠪᠤᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠲᠠᠩ ᠢ ᠬᠡᠯᠡᠭᠰᠡᠨ ᠨᠢ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠬᠠᠮᠰᠠᠷ ᠠᠴᠠ ᠪᠠᠨ ᠭᠤᠣᠯ ᠰᠡᠳᠦᠪᠲᠦ ᠬᠥᠮᠦᠵᠢᠯ ᠤᠨ ᠳᠠᠪᠲᠠᠯᠲᠠ ᠶᠢ ᠬᠦᠯᠢᠶᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠳ᠋ᠦᠩᠨᠡᠯᠳᠡ ᠪᠠᠶᠢᠷᠢᠯᠠᠭᠤᠯᠤᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠢᠭᠡᠳᠦᠭᠡᠷ ᠡᠬᠡᠯᠵᠢ ᠶᠢᠨ ᠭᠤᠣᠯ ᠰᠡᠳᠦᠪᠲᠦ ᠬᠥᠮᠦᠵᠢᠯ ᠤᠨ ᠪᠦᠲᠦᠮᠵᠢᠲᠡᠢ ᠠᠷᠭ᠎ᠠ ᠬᠢᠳᠡᠯ ᠪᠠ ᠠᠮᠵᠢᠯᠲᠠ ᠲᠠᠢ ᠲᠤᠷᠰᠢᠯᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ᠂ ᠬᠠᠷᠠᠯᠲᠠ ᠱᠠᠭᠠᠷᠳᠠᠯᠭ᠎ᠠ ᠶᠢ ᠨᠢ ᠣᠨᠣᠪᠴᠢᠲᠠᠢ ᠡᠵᠡᠮᠳᠡᠵᠦ᠂ ᠲᠦᠷᠦᠯ ᠬᠤᠪᠢᠶᠠᠨ ᠵᠢᠯᠤᠭᠤᠳᠬᠤ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠯᠪᠡᠷᠢᠴᠢ ᠦᠵᠡᠯ ᠢ ᠴᠢᠩᠭ᠎ᠠ ᠰᠡᠷᠭᠡᠶᠢᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠡᠷᠡᠰ ᠪᠠᠲᠤ ᠬᠦᠰᠡᠯᠡᠩ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠤᠭᠤᠳᠣᠭᠤᠯᠬᠤ᠂ ᠠᠵᠢᠯ  ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠪᠠᠨ ᠲᠠᠷᠢᠬᠢᠨ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠵᠤ᠂ ᠦᠨᠡᠨᠴᠢ ᠢᠲᠡᠭᠡᠮᠵᠢᠲᠡᠢ ᠪᠠᠷ ᠬᠢᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠳᠡᠭᠡᠨ ᠦᠪᠡᠷ ᠤᠨ ᠪᠡᠶ᠎ᠡ ᠪᠠᠷ ᠢᠶᠠᠨ ᠣᠷᠣᠯᠴᠠᠵᠤ᠂ ᠭᠦᠨᠵᠡᠭᠡᠢ ᠪᠥᠭᠡᠳ ᠪᠣᠳᠠᠲᠠᠢ ᠶᠢ ᠡᠷᠬᠢᠮᠯᠡᠬᠦ ᠬᠡᠷᠡᠭᠲᠡᠢ᠃ ᠬᠥᠭᠵᠢᠯᠲᠡ ᠶᠢ ᠠᠬᠢᠭᠤᠯᠬᠤ ᠳᠤ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠵᠣᠷᠢᠭᠲᠠᠢ ᠪᠠᠷ ᠰᠠᠶᠢᠲᠤᠷ ᠬᠢᠬᠦ ᠬᠡᠷᠡᠭᠲᠡᠢ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠤ ᠭᠦᠨᠵᠡᠭᠡᠢ ᠪᠠᠶᠢᠴᠠᠭᠠᠨ ᠨᠢᠮᠪᠠᠢ ᠬᠠᠷᠢᠴᠠᠭᠤᠯᠵᠤ᠂ ᠦᠨᠡᠨᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠬᠤ ᠳᠤ ᠡᠪᠳᠡᠬᠦ ᠪᠠᠶᠢᠭᠤᠯᠬᠤ ᠶᠢ ᠵᠡᠷᠭᠡ ᠪᠠᠷ ᠴᠢᠬᠤᠯᠠᠴᠢᠯᠠᠵᠤ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠬᠦᠴᠦᠲᠡᠢ ᠪᠠᠲᠤᠯᠠᠬᠤ ᠬᠡᠷᠡᠭᠲᠡᠢ᠃ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠠᠳᠬᠤᠵᠤ᠂ ᠬᠤᠯᠪᠣᠭ᠎ᠠ ᠠᠪᠴᠤ ᠵᠢᠭᠠᠨ ᠵᠢᠯᠤᠭᠤᠳᠬᠤ ᠪᠠᠨ ᠴᠢᠩᠭᠠᠳᠬᠠᠵᠤ᠂ ᠴᠢᠩᠭ᠎ᠠ ᠪᠣᠳᠠᠲᠠᠢ ᠰᠤᠷᠲᠠᠯ ᠢᠶᠠᠨ ᠪᠠᠳᠠᠷᠠᠭᠤᠯᠵᠤ᠂ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠭᠤᠣᠯ ᠰᠡᠳᠦᠪᠲᠦ ᠬᠥᠮᠦᠵᠢᠯ ᠢ ᠦᠨᠡᠨᠬᠦ ᠴᠢᠩᠭ᠎ᠠ ᠪᠦᠭᠡᠳ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃      ᠯᠢ ᠭᠠᠩ ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠠᠮᠵᠢᠯᠲᠠ ᠪᠦᠲᠦᠮᠵᠢ ᠪᠣᠳᠠᠲᠤ ᠦᠷ᠎ᠡ ᠪᠦᠲᠦᠮᠵᠢ ᠪᠠᠨ ᠲᠤᠪᠤᠶᠢᠯᠭᠠᠵᠦ᠂ ᠴᠢᠩᠭ᠎ᠠ ᠠᠴᠠ ᠴᠢᠩᠭ᠎ᠠ ᠠᠳᠬᠤᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠲᠠᠢ ᠪᠠᠨ ᠨᠢᠭᠲᠠ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠵᠤ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠭᠡᠯ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ᠃ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠦᠬᠠᠢ ᠲᠠᠢ ᠠᠳᠠᠯᠢ ᠰᠡᠳᠦᠪ ᠢᠶᠠᠷ ᠬᠠᠮᠲᠤ ᠪᠠᠷ ᠬᠠᠷᠢᠭᠤᠯᠬᠤ ᠶᠢ ᠪᠠᠷᠢᠮᠲᠠᠯᠠᠵᠤ᠂ ᠴᠢᠩᠭ᠎ᠠ ᠪᠦᠭᠡᠳ ᠪᠣᠳᠠᠲᠠᠢ ᠰᠤᠷᠲᠠᠯ ᠢᠶᠠᠷ ᠢᠳᠡᠪᠬᠢᠳᠡᠢ ᠬᠢᠨᠠᠨ ᠵᠢᠯᠤᠭᠤᠳᠴᠤ᠂ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠠᠵᠢᠯ  ᠢᠶᠠᠨ ᠬᠠᠪᠰᠤᠷᠤᠨ ᠦᠢᠯᠡᠴᠢᠯᠡᠬᠦ ᠳᠤᠮᠳᠠ ᠠᠬᠤᠭᠤᠯᠵᠤ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠲᠦᠯᠬᠢᠨ ᠠᠬᠢᠭᠤᠯᠬᠤ ᠬᠡᠷᠡᠭᠳᠡᠢ ᠭᠡᠵᠡᠢ᠃      ᠭᠤᠷᠪᠠᠨ ᠲᠣᠭᠤᠷᠢᠭ ᠸᠢᠳᠢᠤ᠋ ᠬᠡᠯᠪᠡᠷᠢ ᠪᠠᠷ ᠬᠤᠷᠠᠯ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号