ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2023 ᠣᠨ ᠤ 9 ᠳ᠋ᠣᠭᠡᠷ ᠣᠳᠠᠭᠠᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/18
     9 ᠰᠠᠷ᠎ᠠ ᠶᠢᠨ 17 ᠤ ᠡᠳᠦᠷ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2023 ᠣᠨ ᠤ 9 ᠳ᠋ᠣᠭᠡᠷ ᠣᠳᠠᠭᠠᠨ ᠤ ᠠᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ ᠪᠣᠯᠣᠨ ᠥᠪᠡᠷᠲᠡᠭᠡᠨ ᠵᠠᠰᠠᠬᠤ ᠣᠷᠣᠨ ᠤ 53 ᠵᠤᠷᠪᠤᠰ ᠠᠷᠭ᠎ᠠ ᠬᠡᠮᠵᠢᠶ᠎ᠡ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠵᠢᠴᠢ ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢᠶᠠᠨ ᠮᠡᠳᠡᠭᠳᠡᠵᠦ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠡ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠡ᠃      ᠼᠦᠢ ᠵᠢᠩ ᠶᠢᠩ ᠬᠡᠯᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠣᠶᠢᠷ᠎ᠠ ᠶᠢᠨ ᠬᠤᠭᠤᠴᠠᠭᠠᠨ ᠤ ᠣᠷᠣᠨ ᠤ ᠳᠣᠲᠣᠷ᠎ᠠ ᠭᠠᠳᠠᠨᠠᠬᠢ ᠡᠯ᠎ᠡ ᠲᠥᠷᠥᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠢ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠴᠦ᠂ ᠭᠠᠷ ᠲᠠᠭᠠᠨ ᠠᠳᠬᠤᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠶᠤᠯᠭᠦᠢ ᠦᠢᠯᠡᠳᠪᠦᠷᠢᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ 53 ᠵᠤᠷᠪᠤᠰ ᠠᠷᠭ᠎ᠠ ᠬᠡᠮᠵᠢᠶ᠎ᠡ ᠪᠣᠯᠣᠨ ᠮᠠᠨ ᠤ ᠬᠤᠲᠠ ᠶᠢᠨ 65 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ︽ᠣᠮᠤᠭ ᠵᠣᠷᠢᠭ ᠲᠡᠭᠦᠯᠳᠡᠷ ᠪᠠᠶᠢᠬᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ᠂ ᠴᠢᠩᠭ᠎ᠠ ᠪᠣᠳᠠᠲᠠᠢ ᠪᠠᠶᠢᠬᠤ᠂ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠬᠤ᠂ ᠬᠤᠷᠢᠭ᠎ᠠ ᠱᠤᠭᠤᠮ ᠢ ᠪᠠᠲᠤ ᠰᠠᠬᠢᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠡᠷᠡᠰ ᠰᠢᠭᠤᠷᠬᠠᠢ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ ᠤ ᠰᠡᠷᠭᠡᠶᠢᠯᠡᠯᠲᠡ ᠪᠠᠨ ᠴᠢᠩᠭᠠᠳᠬᠠᠵᠤ᠂ ᠠᠯᠳᠠᠰᠢ ᠭᠠᠷᠬᠤ ᠶᠢ ᠴᠠᠭ ᠲᠤᠬᠠᠢ ᠳᠤᠨᠢ ᠬᠤᠷᠢᠭᠯᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠠᠶᠤᠯᠲᠠᠢ ᠬᠢᠮᠢ ᠶᠢᠨ ᠪᠣᠳᠠᠰ᠂ ᠠᠭᠤᠷᠬᠠᠢ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ᠂ ᠣᠨᠴᠠᠭᠠᠶ ᠴᠠᠭ ᠠᠭᠤᠷ ᠢ ᠠᠷᠭᠠᠴᠠᠭᠠᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠥᠭᠡᠳ ᠬᠦᠴᠦᠲᠡᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠷᠥᠯ ᠵᠦᠢᠯ ᠤᠨ ᠵᠥᠪᠰᠢᠶᠡᠷᠡᠯ ᠤᠨ ᠪᠣᠭᠤᠮᠲᠠ᠂ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠪᠣᠭᠤᠮᠲᠠ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠪᠣᠭᠤᠮᠲᠠ ᠶᠢ ᠴᠢᠩᠭ᠎ᠠ ᠠᠳᠬᠤᠵᠤ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠰᠠᠭᠤᠷᠢ ᠪᠠᠭᠤᠷᠠᠢ᠂ ᠠᠮᠤᠷ ᠲᠦᠪᠰᠢᠨ ᠤ ᠤᠬᠠᠮᠰᠠᠷ ᠪᠠᠭᠤᠷᠠᠢ᠂ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠴᠢᠩᠭ᠎ᠠ ᠪᠤᠰᠤ ᠵᠡᠷᠭᠡ ᠳᠤᠲᠠᠭᠤᠳᠠᠯ ᠢᠶᠠᠨ ᠪᠥᠬᠦ ᠬᠦᠴᠦᠨ ᠢᠶᠠᠷ ᠢᠶᠠᠨ ᠨᠥᠬᠦᠪᠦᠷᠢᠯᠡᠵᠦ᠂ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠶᠢᠨ ᠬᠡᠯᠬᠢᠶ᠎ᠡ ᠪᠠᠨ ᠴᠢᠩᠭᠠᠯᠠᠵᠤ᠂ ᠦᠨᠡᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃      ᠼᠦᠢ ᠵᠢᠩ ᠶᠢᠩ ᠬᠡᠯᠡᠭᠰᠡᠨ ᠨᠢ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠯᠲᠠ ᠶᠢ ᠬᠠᠮᠵᠢᠯᠴᠠᠨ ᠰᠠᠶᠢᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠬᠥᠭᠵᠢᠭᠡᠬᠦ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠠᠮ ᠤᠨ ᠠᠷᠢᠭᠤᠨ ᠴᠢᠬᠡᠴᠢ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠸᠠᠩ ᠵᠢᠢ ᠫᠢᠩ᠂ ᠵᠠᠩ ᠮᠢᠩ ᠮᠢᠩ ᠬᠤᠷᠠᠯ ᠳᠤ ᠣᠷᠣᠯᠴᠠᠪᠡ᠃ ᠭᠤᠷᠪᠠᠨ ᠲᠤᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号