ᠲᠠᠩ ᠢ ᠪᠦᠯᠬᠦᠮ ᠳᠠᠭᠠᠭᠤᠯᠤᠨ ᠵᠧᠵᠢᠶᠠᠩ ᠳᠤ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/9/18
     9 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠦᠯᠬᠦᠮ ᠳᠠᠭᠠᠭᠤᠯᠤᠨ ᠨᠢᠩᠪᠦ᠋ᠸᠧ ᠶᠢᠨ ᠺᠧ ᠶᠤᠸᠠᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠵᠧᠵᠢᠶᠠᠩ ᠤᠨ ᠸᠠᠨ ᠯᠢ ᠨᠡᠬᠡᠮᠡᠯ ᠤᠨ ᠮᠠᠰᠢᠨ ᠤ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠵᠢᠴᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠢᠩᠪᠦ᠋ᠸᠧ ᠶᠢᠨ ᠮᠠᠲ᠋ᠧᠷᠢᠶᠠᠯ ᠤᠨ ᠮᠡᠷᠭᠡᠵᠢᠯ ᠪᠣᠯᠣᠨ ᠢᠨᠵᠧᠨᠧᠷᠢᠩ ᠤᠨ ᠰᠤᠳᠤᠯᠭᠠᠨ ᠤ ᠭᠠᠵᠠᠷ ᠲᠤ ᠬᠦᠷᠴᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠬᠠᠮᠲᠤᠷᠠᠯᠴᠠᠭ᠎ᠠ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠡᠵᠡᠩᠨᠡᠯᠲᠡ ᠶᠢᠨ ᠪᠠᠶᠢᠳᠠᠯ ᠤᠨ ᠲᠤᠬᠠᠢ ᠰᠢᠨᠵᠢᠯᠡᠨ ᠪᠠᠶᠢᠴᠠᠭᠠᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ᠂ ᠭᠤᠸ ᠪᠥᠸᠧ ᠣᠷᠣᠯᠴᠠᠵᠠᠢ᠃      ᠨᠢᠩᠪᠦ᠋ᠸᠧ ᠶᠢᠨ ᠺᠧ ᠶᠤᠸᠠᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠲᠠᠩ ᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠮᠠᠨ ᠤ ᠬᠤᠳᠠ ᠶᠢᠨ ᠠᠵᠤ ᠦᠢᠯᠡᠰ ᠤᠨ ᠰᠠᠭᠤᠷᠢ ᠪᠣᠯᠣᠨ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠢᠶᠠᠨ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠶᠢᠷ᠎ᠠ ᠶᠢᠨ ᠬᠡᠳᠦᠨ ᠵᠢᠯ ᠳᠤ᠂ ᠦᠬᠠᠢ ᠬᠤᠳᠠ ᠶᠢᠨ ᠬᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠰᠠᠭᠤᠷᠢᠯᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠭᠡᠬᠦ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠵᠤ᠂ ᠬᠥᠭᠵᠢᠯᠲᠡ ᠶᠢᠨ ᠰᠠᠭᠤᠷᠢ ᠨᠡᠩ ᠪᠠᠲᠤᠵᠢᠵᠤ᠂ ᠬᠥᠭᠵᠢᠯᠲᠡ ᠶᠢᠨ ᠳᠠᠪᠠᠭᠤᠯᠢᠭ ᠨᠡᠩ ᠢᠯᠡᠷᠬᠡᠢ᠂ ᠬᠥᠭᠵᠢᠯᠲᠡ ᠶᠢᠨ ᠢᠷᠡᠭᠡᠳᠦᠢ ᠨᠡᠩ ᠰᠠᠷᠠᠭᠤᠯ ᠠᠭᠤᠳᠠᠮ ᠪᠣᠯᠵᠠᠢ᠂ ᠠᠵᠤ ᠠᠬᠤᠶᠢᠯᠠᠯ ᠤᠨ ᠦᠬᠠᠢ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠪᠡᠯᠡ ᠣᠷᠣᠭᠤᠯᠤᠨ ᠦᠢᠯᠡᠰ ᠪᠣᠰᠬᠠᠬᠤ᠂ ᠬᠠᠮᠲᠤᠪᠠᠷ ᠠᠰᠢᠭ ᠬᠦᠷᠲᠡᠵᠦ ᠬᠥᠭᠵᠢᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠭᠡᠵᠡᠢ᠃      ᠵᠧᠵᠢᠶᠠᠩ ᠤᠨ ᠸᠠᠨ ᠯᠢ ᠨᠡᠬᠡᠮᠡᠯ ᠤᠨ ᠮᠠᠰᠢᠨ ᠤ ᠬᠢᠵᠠᠭᠠᠷᠲᠤ ᠺᠣᠮᠫᠠᠨᠢ ᠳᠤ᠂ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠠᠪᠤᠳᠠᠯ ᠤᠨ ᠲᠤᠬᠠᠢ ᠵᠣᠯᠭᠠᠭᠤᠯᠤᠨ ᠰᠣᠯᠢᠯᠴᠠᠪᠠ᠃ ᠲᠠᠩ ᠢ ᠬᠡᠯᠡᠭᠰᠡᠨ ᠨᠢ᠂ ᠸᠠᠨ ᠯᠢ ᠺᠣᠮᠫᠠᠨᠢ ᠶᠢᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠲᠦᠷᠦᠯ ᠵᠦᠢᠯ ᠪᠣᠯ ᠦᠬᠠᠢ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠪᠣᠯᠣᠨ᠎ᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠦᠷᠦᠯ ᠵᠦᠢᠯ ᠤᠨ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠨ᠎ᠠ᠂ ᠸᠠᠨ ᠯᠢ ᠺᠣᠮᠫᠠᠨᠢ ᠶᠢᠨ ᠬᠢᠨ ᠰᠢᠨᠵᠢᠯᠡᠬᠦ ᠤᠬᠠᠭᠠᠨᠴᠢ ᠪᠠᠷ ᠠᠵᠤ ᠦᠢᠯᠡᠰ ᠤᠨ ᠪᠠᠶᠢᠷᠢᠰᠢᠭᠤᠯᠤᠯᠲᠠ ᠪᠠᠨ ᠲᠥᠯᠥᠪᠵᠢᠭᠦᠯᠵᠦ᠂ ᠠᠰᠢᠭᠲᠠᠢ ᠠᠵᠠ ᠲᠣᠬᠢᠶᠠᠯ ᠢ ᠠᠮᠵᠢᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠬᠦᠰᠡᠵᠦ ᠪᠠᠶᠢᠨ᠎ᠠ᠃ ᠪᠢᠳᠡ ᠴᠢᠳᠠᠯ ᠤᠨ ᠬᠢᠷᠢ ᠪᠠᠷ ᠢᠶᠠᠨ ᠠᠵᠤ ᠠᠬᠤᠶᠢᠯᠠᠯ ᠳᠤ ᠦᠢᠯᠡᠴᠢᠯᠡᠭᠡ ᠪᠠ ᠪᠠᠲᠤᠯᠠᠭ᠎ᠠ ᠬᠠᠩᠭᠠᠵᠤ᠂ ᠬᠦᠴᠢᠷᠳᠡᠯ ᠲᠠᠢ ᠠᠰᠠᠭᠤᠳᠠᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠡᠷᠲᠡᠬᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠬᠠᠮᠲᠤ ᠪᠠᠷ ᠲᠦᠯᠬᠢᠨ ᠠᠬᠢᠭᠤᠯᠤᠨ᠎ᠠ ᠭᠡᠵᠡᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠭᠡᠶᠢᠯᠡᠭᠰᠡᠨ ᠨᠢ᠂ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃      ᠲᠠᠩ ᠢ ᠨᠠᠷ ᠪᠠᠰᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠢᠩᠪᠦ᠋ᠸᠧ ᠶᠢᠨ ᠮᠠᠲ᠋ᠧᠷᠢᠶᠠᠯ ᠤᠨ ᠮᠡᠷᠭᠡᠵᠢᠯ ᠪᠣᠯᠣᠨ ᠢᠨᠵᠧᠨᠧᠷᠢᠩ ᠤᠨ ᠰᠤᠳᠤᠯᠭᠠᠨ ᠤ ᠭᠠᠵᠠᠷ ᠲᠤ ᠬᠦᠷᠴᠦ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠡᠵᠡᠩᠨᠡᠯᠲᠡ ᠶᠢᠨ ᠪᠠᠶᠢᠳᠠᠯ ᠤᠨ ᠲᠤᠬᠠᠢ ᠰᠢᠨᠵᠢᠯᠡᠨ ᠪᠠᠶᠢᠴᠠᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号