ᠭᠡᠷ ᠪᠦᠯᠢ ᠶᠢᠨ ᠢᠳᠡᠪᠬᠢ ᠡᠷᠴᠢ
ᠨᠡᠶᠢᠲᠡᠯᠡᠭᠰᠡᠨ ᠴᠠᠭ᠄
2023/9/18
     ᠬᠦᠮᠦᠨ ᠨᠢᠭᠡᠪᠦᠷᠢ ᠵᠠᠪᠠᠯ ᠨᠢᠭᠡᠨ ᠤᠶᠠᠨ ᠳᠤᠯᠠᠭᠠᠬᠠᠨ ᠭᠡᠷ ᠪᠦᠯᠢ ᠲᠠᠢ ᠪᠠᠶᠢᠬᠤ ᠬᠡᠷᠡᠭᠳᠡᠢ᠂ ᠭᠡᠪᠡᠴᠦ᠂ ᠵᠠᠷᠢᠮ ᠬᠦᠮᠦᠨ ᠭᠡᠷ ᠪᠦᠯᠢ ᠳᠤ ᠪᠠᠨ ᠬᠤᠷᠭᠤᠳᠤᠨ ᠲᠠᠳᠠᠭᠳᠠᠵᠤ ᠪᠠᠶᠢᠬᠤ ᠳᠤ᠂ ᠪᠠᠰᠠ ᠵᠠᠷᠢᠮ ᠬᠦᠮᠦᠨ ᠨᠢ ᠭᠡᠷ ᠪᠦᠯᠢ ᠠᠴᠠ  ᠪᠠᠨ ᠬᠤᠯᠠ ᠶᠠᠪᠤᠬᠤ ᠶᠢ ᠴᠦ ᠪᠤᠳᠤᠳᠠᠭ᠃ ᠭᠡᠪᠡᠴᠦ᠂ ᠭᠡᠷ ᠪᠦᠯᠢ ᠶᠢᠨ ᠤᠯᠠᠨ ᠭᠡᠰᠢᠭᠦᠨ ᠢ ᠬᠠᠮᠳᠤᠷᠠᠭᠤᠯᠤᠨ ᠠᠪᠴᠤ ᠶᠠᠪᠤᠳᠠᠭ ᠭᠡᠷ ᠪᠦᠯᠢ ᠶᠢ ᠦᠭᠡᠳᠡ ᠲᠠᠳᠠᠬᠤ ᠭᠡᠷ ᠪᠦᠯᠢ ᠶᠢᠨ ᠵᠢᠩᠭᠢᠨᠢ ᠡᠵᠡᠨ ᠪᠠᠶᠢᠳᠠᠭ ᠶᠤᠮ᠃      ᠤᠳᠤᠬᠠᠨ ᠤ ᠨᠡᠶᠢᠭᠡᠮ ᠳᠤ᠂ ᠭᠡᠷ ᠪᠦᠯᠢ ᠶᠢᠨ ᠭᠡᠰᠢᠭᠦᠨ ᠨᠢᠭᠡᠪᠦᠷᠢ ᠵᠠᠪᠠᠯ᠂ ᠬᠠᠮᠳᠤ ᠶᠢᠨ ᠨᠢᠭᠡᠳᠦᠭᠰᠡᠨ ᠭᠡᠷ ᠪᠦᠯᠢ ᠶᠢᠨ ᠬᠠᠮᠢᠶᠠᠷᠤᠯᠳᠠ ᠶᠢᠨ ᠦᠨᠳᠦᠰᠦᠨ ᠴᠢᠳᠠᠪᠤᠷᠢ ᠲᠠᠢ ᠪᠠᠶᠢᠪᠠᠯ ᠰᠠᠶ᠋ᠢ ᠡᠨᠡᠬᠦ ᠭᠡᠷ ᠪᠦᠯᠢ ᠪᠠᠨ ᠦᠨᠡᠨᠬᠦ ᠤᠶᠠᠨ ᠲᠤᠭᠯᠠᠭᠠᠨ ᠬᠠᠪ ᠴᠡᠩᠭᠡᠯ ᠲᠠᠢ ᠵᠢᠷᠭᠠᠯᠳᠤ ᠭᠡᠷ ᠪᠦᠯᠢ ᠪᠤᠯᠭᠠᠨ ᠠᠪᠴᠤ ᠶᠠᠪᠤᠳᠠᠭ ᠶᠤᠮ᠃      ᠭᠡᠷ ᠪᠦᠯᠢ ᠶᠢᠨ ᠨᠢᠭᠡᠳᠦᠭᠰᠡᠨ ᠵᠤᠷᠢᠭ ᠰᠠᠨᠠᠭ᠎ᠠ ᠨᠢ ᠲᠡᠳᠡᠭᠡᠷ ᠴᠢᠰᠤᠨ ᠲᠦᠷᠦᠯ ᠤᠨ ᠬᠤᠯᠪᠤᠭᠳᠠᠯ ᠲᠠᠢ ᠭᠡᠰᠢᠭᠦᠨ ᠨᠢᠭᠡᠪᠦᠷᠢ ᠶᠢᠨ ᠬᠠᠮᠳᠤ ᠶᠢᠨ ᠴᠢᠷᠮᠠᠶᠢᠯᠭ᠎ᠠ ᠪᠠᠷ ᠲᠠᠮᠵᠢᠵᠤ ᠪᠡᠶᠡᠯᠡᠭᠳᠡᠳᠡᠭ ᠪᠦᠭᠡᠳ ᠮᠦᠨᠴᠦ ᠭᠡᠰᠢᠭᠦᠨ ᠨᠢᠭᠡᠪᠦᠷᠢ ᠶᠢᠨ ᠪᠡᠶ᠎ᠡ ᠰᠡᠳᠭᠢᠴᠡ ᠶᠢᠨ ᠪᠤᠯᠪᠠᠰᠤᠷᠠᠯ᠂ ᠡᠷᠳᠡᠮ ᠰᠤᠶᠤᠯ ᠤᠨ ᠪᠤᠯᠪᠠᠰᠤᠷᠠᠯ ᠢᠶᠠᠷ ᠲᠠᠮᠵᠢᠨ ᠦᠷ᠎ᠡ ᠪᠦᠳᠦᠭᠡᠯ ᠢ ᠤᠯᠳᠠᠭ ᠶᠤᠮ᠃ ᠡᠳᠡᠭᠡᠷ ᠰᠤᠶᠤᠯ ᠪᠤᠯᠪᠠᠰᠤᠷᠠᠯ ᠬᠢᠭᠡᠳ ᠡᠷᠳᠡᠮ ᠮᠡᠳᠡᠯᠭᠡ ᠨᠢ ᠭᠦᠶᠦᠬᠡᠨ ᠠᠴᠠ ᠭᠦᠨ ᠲᠡᠰᠢ᠂ ᠪᠠᠭ᠎ᠠ ᠠᠴᠠ ᠶᠡᠭᠡ ᠲᠡᠰᠢ ᠱᠠᠭᠠᠷᠳᠠᠯᠭ᠎ᠠ ᠶᠤᠰᠤ ᠪᠠᠷ᠂ ᠬᠦᠭᠵᠢᠯᠳᠠ ᠶᠢᠨ ᠵᠢᠮ᠎ᠡ ᠶᠤᠰᠤ ᠪᠠᠷ ᠭᠡᠷ ᠪᠦᠯᠢ ᠶᠢᠨ ᠡᠯ᠎ᠡ ᠵᠦᠢᠯ ᠤᠨ ᠪᠦᠳᠦᠭᠡᠨ ᠪᠠᠶᠢᠭᠤᠯᠤᠯᠳᠠ ᠳᠤ ᠬᠠᠮᠳᠤ ᠶᠢᠨ ᠤᠶᠤᠨ ᠤᠬᠠᠭᠠᠨ ᠤ ᠦᠷ᠎ᠡ ᠪᠦᠳᠦᠭᠡᠯ ᠤᠯᠬᠤ ᠨᠢ ᠶᠠᠷᠢᠶᠠᠨ ᠦᠭᠡᠢ ᠶᠤᠮ᠃      ᠭᠡᠷ ᠪᠦᠯᠢ ᠪᠠᠨ ᠲᠦᠪᠬᠢᠨᠡᠭᠦᠯᠬᠦ ᠤᠷ᠎ᠠ ᠮᠡᠷᠭᠡᠵᠢᠯ ᠲᠠᠢ ᠬᠠᠮᠢᠶᠠᠷᠤᠭᠴᠢ ᠠᠴᠠ ᠡᠯ᠎ᠡ ᠭᠡᠰᠢᠭᠦᠨ ᠤ ᠰᠠᠨᠠᠭᠠᠨ  ᠳᠤ ᠲᠤᠬᠢᠷᠠᠭᠰᠠᠨ ᠰᠠᠶᠢᠨ ᠰᠠᠶᠢᠬᠠᠨ ᠤᠷᠤᠨ ᠰᠠᠭᠤᠴᠠ ᠲᠠᠢ᠂ ᠭᠡᠰᠢᠭᠦᠨ ᠨᠢᠭᠡᠪᠦᠷᠢ ᠶᠢᠨ ᠰᠡᠳᠭᠢᠯ ᠲᠠᠯᠪᠢᠭᠤ ᠪᠠᠶᠢᠬᠤ ᠤᠷᠴᠢᠨ ᠲᠤᠭᠤᠷᠢᠨ ᠨᠢ ᠭᠤᠶᠤ ᠪᠠᠶᠢᠬᠤ ᠭᠡᠷ ᠪᠦᠯᠢ ᠶᠢ ᠦᠭᠡᠳᠡ ᠲᠠᠳᠠᠬᠤ ᠨᠢ ᠵᠠᠶᠢᠯᠠᠰᠢ ᠦᠭᠡᠢ᠃ ᠡᠨᠡᠬᠦ ᠲᠤᠬᠢᠯᠢᠭ ᠰᠠᠶᠢᠬᠠᠨ ᠪᠠᠶᠢᠭᠤᠯᠤᠭᠰᠠᠨ ᠭᠡᠷ ᠪᠦᠯᠢ ᠶᠢᠨ ᠬᠠᠮᠲᠤᠷᠠᠯ ᠨᠢ ᠯᠠᠪᠳᠠᠢ ᠭᠡᠰᠢᠭᠦᠨ ᠨᠢᠭᠡᠪᠦᠷᠢ ᠶᠢᠨ ᠲᠤᠳᠤᠭᠠᠳᠤ ᠰᠡᠳᠭᠢᠯ ᠤᠨ ᠦᠭᠡᠳᠡᠷᠬᠡᠭ ᠪᠠᠶᠢᠬᠤ ᠶᠢ ᠲᠤᠰᠬᠠᠨ ᠬᠠᠷᠠᠭᠤᠯᠵᠤ᠂ ᠪᠠᠰᠠ ᠭᠡᠰᠢᠭᠦᠨ ᠨᠢᠭᠡᠪᠦᠷᠢ ᠶᠢᠨ ᠭᠡᠷ ᠪᠦᠯᠢ ᠶᠢᠨ ᠢᠳᠡᠵᠤ ᠡᠮᠦᠰᠬᠦ᠂ ᠶᠠᠪᠤᠵᠤ ᠰᠠᠭᠤᠬᠤ᠂ ᠬᠡᠷᠡᠭᠯᠡᠭᠦᠨ᠂ ᠤᠷᠤᠯᠭ᠎ᠠ ᠭᠠᠷᠭᠠᠯᠭ᠎ᠠ᠂ ᠰᠤᠶᠤᠯ ᠤᠨ ᠠᠮᠢᠳᠤᠷᠠᠯ᠂ ᠵᠢᠭᠠᠨ ᠰᠤᠷᠭᠠᠬᠤ ᠲᠠᠳᠬᠠᠯ᠂ ᠬᠠᠮᠢᠶᠠᠷᠤᠯᠳᠠ ᠶᠢᠨ ᠠᠷᠭ᠎ᠠ ᠬᠡᠯᠪᠡᠷᠢ ᠵᠡᠷᠭᠡ ᠶᠢ ᠲᠡᠭᠡᠳᠦ ᠬᠡᠮᠵᠢᠶᠡᠨ ᠤ ᠬᠤᠷᠢᠶᠠᠩᠭᠤᠢ ᠪᠠᠷ ᠲᠤᠰᠬᠠᠨ ᠬᠠᠷᠠᠭᠤᠯᠵᠤ ᠪᠠᠶᠢᠳᠠᠭ᠃ ᠶᠡᠷᠦᠩᠬᠡᠢ ᠳᠤ ᠨᠢ᠂ ᠭᠡᠷ ᠪᠦᠯᠢ ᠶᠢᠨ ᠡᠯ᠎ᠡ ᠵᠦᠢᠯ ᠤᠨ ᠠᠵᠤ ᠠᠮᠢᠳᠤᠷᠠᠯ ᠤᠨ ᠶᠠᠪᠤᠴᠠ ᠨᠢ ᠪᠦᠷ ᠭᠡᠷ ᠪᠦᠯᠢ ᠶᠢᠨ ᠭᠡᠰᠢᠭᠦᠨ ᠨᠢᠭᠡᠪᠦᠷᠢ ᠶᠢᠨ ᠬᠠᠮᠳᠤ ᠶᠢᠨ ᠠᠵᠢᠯᠯᠠᠭ᠎ᠠ ᠪᠠᠷ ᠲᠠᠮᠵᠢᠨ ᠪᠦᠳᠦᠳᠡᠭ ᠶᠤᠮ᠃ ᠬᠡᠯᠡᠯᠭᠡᠨ ᠦᠭᠡᠢ᠂ ᠲᠤᠭᠳᠠᠭᠰᠠᠨ ᠬᠡᠮᠵᠢᠶᠡᠨ ᠤ ᠭᠡᠷ ᠤᠨ ᠶᠠᠪᠤᠳᠠᠯ ᠤᠨ ᠤᠬᠠᠭᠠᠨ ᠤ ᠮᠡᠳᠡᠯᠭᠡ ᠦᠭᠡᠢ ᠶᠤᠮ ᠪᠤᠯ ᠭᠡᠷ ᠪᠦᠯᠢ ᠶᠢ ᠦᠭᠡᠳᠡᠷᠬᠡᠭ ᠪᠤᠯᠭᠠᠬᠤ ᠲᠡᠭᠡᠷᠡᠬᠢ ᠮᠡᠳᠦ ᠶᠢᠨ ᠣᠯᠠᠨ ᠶᠠᠪᠤᠳᠠᠯ ᠢ ᠬᠢᠵᠤ ᠴᠢᠳᠠᠬᠤ ᠦᠭᠡᠢ ᠶᠤᠮ᠃      ᠡᠨᠡ ᠨᠢ ᠲᠠᠷᠤᠢ ᠠᠷᠠᠳ ᠤᠯᠠᠨ ᠤ ᠶᠡᠷᠦ ᠳᠤ ᠪᠠᠨ ᠬᠡᠯᠡᠳᠡᠭ᠄ ︽ᠪᠡᠶ᠎ᠡ ᠪᠠᠨ ᠵᠠᠰᠠᠵᠤ ᠴᠢᠳᠠᠬᠤ ᠦᠭᠡᠢ ᠬᠦᠮᠦᠨ ᠭᠡᠷ ᠢᠶᠠᠨ ᠵᠠᠰᠠᠵᠤ ᠴᠢᠳᠠᠬᠤ ᠦᠭᠡᠢ᠂ ᠭᠡᠷ ᠢᠶᠠᠨ ᠵᠠᠰᠠᠵᠤ ᠴᠢᠳᠠᠬᠤ ᠦᠭᠡᠢ ᠬᠦᠮᠦᠨ ᠤᠯᠤᠰ ᠢ ᠵᠠᠰᠠᠵᠤ ᠴᠢᠳᠠᠬᠤ ᠦᠭᠡᠢ ᠶᠤᠮ︾ ᠭᠡᠳᠡᠭ ᠨᠢ ᠲᠦᠢᠯ ᠤᠨ ᠶᠤᠰᠤᠳᠠᠢ  ᠪᠦᠭᠡᠳ ᠦᠨ᠎ᠡ ᠦᠷᠳᠡᠭ ᠲᠠᠢ ᠦᠭᠡ ᠶᠤᠮ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号