20.ᠬᠦᠬᠡᠨᠠᠭᠤᠷ ᠮᠤᠵᠢ ᠶᠢᠨ ᠬᠠᠶᠢᠰᠢ ᠮᠤᠩᠭᠤᠯ ᠦᠨᠳᠦᠰᠦᠳᠡᠨ ᠤ ᠪᠠᠭᠠᠳᠣᠷᠯᠢᠭ ᠲᠤᠤᠯᠢᠰ︽ᠬᠠᠨ ᠴᠡᠩᠭᠡᠯ︾ | ᠄︵2008 ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠤᠰᠤ ᠰᠣᠶᠤᠯ ᠤᠨ | ᠦᠪ ᠤᠨ ᠲᠦᠷᠦᠯ ᠵᠦᠢᠯ︶ ᠬᠠᠶᠢᠰᠢ ᠮᠤᠩᠭᠤᠯ ᠦᠨᠳᠦᠰᠦᠳᠡᠨ ᠤ ᠪᠠᠭᠠᠳᠣᠷᠯᠢᠭ ᠲᠤᠤᠯᠢᠰ ︽ᠬᠠᠨ ᠴᠡᠩᠭᠡᠯ︾ ᠨᠢ | ᠲᠠᠭᠤᠯᠠᠬᠤ ᠪᠠ ᠶᠠᠷᠢᠵᠤ ᠢᠯᠡᠳᠬᠡᠬᠦ ᠬᠡᠯᠪᠡᠷᠢ ᠪᠠᠷ ᠮᠤᠩᠭᠤᠯ ᠦᠨᠳᠦᠰᠦᠳᠡᠨ ᠤ ᠪᠠᠭᠠᠳᠣᠷ ᠠᠳᠠ ᠴᠢᠳᠭᠦᠷ ᠢ | ᠣᠰᠠᠳᠬᠠᠵᠤ᠂ ᠠᠷᠠᠳ ᠢ ᠠᠪᠤᠷᠠᠭᠰᠠᠨ ᠦᠯᠢᠭᠡᠷ ᠢ ᠶᠠᠷᠢᠳᠠᠭ᠃ ᠬᠠᠶᠢᠰᠢ ᠶᠢᠨ ᠪᠠᠶᠢᠭᠠᠯᠢ ᠶᠢᠨ ᠣᠷᠴᠢᠨ ᠲᠤᠭᠤᠷᠢᠨ ᠤ | ᠨᠦᠯᠦᠭᠡᠯᠡᠯ ᠲᠤᠤᠷ᠎ᠠ᠂ ᠣᠯᠠᠮᠵᠢᠯᠠᠬᠤ ᠶᠠᠪᠣᠴᠠ ᠲᠣᠮᠳᠠ ᠬᠤᠪᠢᠷᠠᠯᠳᠠ ᠡᠭᠦᠰᠴᠤ᠂ ᠭᠦᠨ ᠵᠣᠵᠠᠭᠠᠨ ᠬᠠᠶᠢᠰᠢ ᠭᠠᠵᠠᠷ | ᠣᠷᠤᠨ ᠤ ᠣᠨᠴᠠᠯᠢᠭ ᠲᠠᠢ ᠪᠤᠯᠤᠭᠰᠠᠨ ᠪᠠᠶᠢᠨ᠎ᠠ᠃ | 21.ᠮᠤᠩᠭᠤᠯ ᠦᠨᠳᠦᠰᠦᠳᠡᠨ ᠤ ᠪᠠᠭᠠᠳᠣᠷᠯᠢᠭ ᠦᠯᠢᠭᠡᠷ ᠲᠤᠭᠤᠵᠢ ᠭᠠᠳᠠ ᠮᠡᠶᠢᠷᠡᠨ᠄ ︵2008 ᠣᠨ | ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ | ᠵᠦᠢᠯ︶ ᠭᠠᠳᠠ ᠮᠡᠶᠢᠷᠡᠨ ︵1892—1931ᠤᠨ ᠤ 4 ᠰᠠᠷ᠎ᠠ ᠶᠢᠨ 5 ᠡᠳᠦᠷ︶ ᠮᠤᠩᠭᠤᠯ ᠦᠨᠳᠦᠰᠦᠳᠡᠨ ᠤ | ᠪᠠᠭᠠᠳᠣᠷ᠂ ᠦᠪᠦᠷ ᠮᠤᠩᠭᠤᠯ ᠤᠨ ᠵᠢᠷᠢᠮ ᠠᠶᠢᠮᠠᠭ ︵ᠣᠳᠤ ᠶᠢᠨ ᠲᠦᠩᠯᠢᠶᠣᠣ ᠬᠤᠳᠠ︶ ᠤᠨ ᠲᠠᠷᠬᠠᠨ ᠬᠤᠰᠢᠭᠤᠨ | ︵ᠣᠳᠤᠬᠠᠨ ᠤ ᠬᠤᠷᠴᠢᠨ ᠵᠡᠭᠦᠨ ᠭᠠᠷᠤᠨ ᠲᠣᠮᠳᠠᠳᠤ ᠬᠤᠰᠢᠭᠤ︶ ᠳᠤ ᠲᠦᠷᠦᠵᠡᠢ᠃ | 22.ᠰᠢᠨᠵᠢᠶᠠᠩ ᠤᠨ ᠮᠤᠩᠭᠤᠯ ᠦᠨᠳᠦᠰᠦᠳᠡᠨ ᠤ ᠠᠷᠠᠳ ᠤᠨ ᠪᠦᠵᠢᠭ ︽ᠰᠠᠪᠠᠷᠳᠠᠩ︾᠄ ︵2008 ᠣᠨ | ᠳᠤ ᠪᠦᠷᠢᠳᠬᠡᠭᠰᠡᠨ ᠬᠤᠶᠠᠳᠣᠭᠠᠷ ᠪᠦᠯᠦᠭ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ︽ᠰᠠᠪᠠᠷᠳᠠᠩ︾ ᠪᠤᠯ ᠰᠢᠨᠵᠢᠶᠠᠩ ᠤᠨ ᠮᠤᠩᠭᠤᠯ ᠦᠨᠳᠦᠰᠦᠳᠡᠨ ᠤ ᠬᠠᠮᠤᠭ ᠴᠢᠬᠤᠯᠠ ᠠᠷᠠᠳ ᠤᠨ ᠪᠦᠵᠢᠭ ᠪᠤᠯᠤᠨ᠎ᠠ᠃ | ᠡᠯ᠎ᠡ ᠭᠠᠵᠠᠷ ᠤᠨ ᠮᠤᠩᠭᠤᠯ ᠦᠨᠳᠦᠰᠦᠳᠡᠨ ᠤ ᠰᠠᠭᠤᠭᠠᠯᠢ ᠠᠷᠠᠳ ᠤᠨ ᠲᠣᠮᠳᠠ ᠦᠷᠭᠡᠨ ᠢᠶᠠᠷ ᠣᠯᠠᠮᠵᠢᠯᠠᠭᠳᠠᠵᠤ᠂ | ᠣᠯᠠᠨ ᠲᠦᠮᠡᠨ ᠤ ᠬᠠᠯᠠᠭᠤᠨ ᠬᠦᠷᠢᠶᠡᠯᠡᠯ ᠢ ᠣᠯᠵᠤ ᠪᠤᠢ᠃ ᠰᠢᠨᠵᠢᠶᠠᠩ ᠤᠨ ᠮᠤᠩᠭᠤᠯ ᠦᠨᠳᠦᠰᠦᠳᠡᠨ ᠤ ᠬᠦᠮᠦᠨ | ᠪᠦᠷᠢ ︽ᠰᠠᠪᠠᠷᠳᠠᠩ︾ ᠪᠦᠵᠢᠭ ᠢ ᠦᠰᠦᠷᠴᠣ ᠴᠢᠳᠠᠨ᠎ᠠ᠃ | 23.ᠬᠡᠰᠡᠷ᠄ ︵2009 ᠣᠨ ᠳᠤ ᠪᠦᠷᠢᠳᠬᠡᠭᠰᠡᠨ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ | ᠦᠪ︶ ︽ᠬᠡᠰᠡᠷ︾ ᠲᠦᠪᠡᠳ ᠠᠴᠠ ᠡᠭᠦᠰᠦᠯᠳᠡᠢ᠂ ᠮᠤᠩᠭᠤᠯ ᠦᠨᠳᠦᠰᠦᠳᠡᠨ ᠤ ᠭᠠᠵᠠᠷ ᠣᠷᠤᠨ ᠳᠤ ᠣᠯᠠᠮᠵᠢᠯᠠᠵᠤ | ᠢᠷᠡᠭᠰᠡᠨ ᠤ ᠲᠠᠷᠠᠭ᠎ᠠ ᠰᠢᠨ᠎ᠡ ᠬᠦᠭᠵᠢᠯᠳᠡ ᠪᠠ ᠠᠭᠤᠯᠬᠤᠨ ᠲᠠᠢ ᠪᠤᠯᠵᠡᠢ᠃ ᠡᠶᠢᠮᠤ ᠠᠴᠠ᠂ ᠲᠦᠪᠡᠳ᠂ ᠮᠤᠩᠭᠤᠯ | ᠦᠨᠳᠦᠰᠦᠳᠡᠨ ᠬᠠᠮᠳᠣᠪᠠᠷ ᠲᠣᠰ ᠰᠣᠶᠤᠯ ᠤᠨ ᠦᠪ ᠢ ᠭᠤᠶᠤᠴᠢᠯᠠᠨ ᠮᠡᠳᠡᠭᠦᠯᠵᠡᠢ᠃ ᠪᠠᠭᠠᠷᠢᠨ ᠤ ᠲᠠᠯ᠎ᠠ ᠨᠣᠳᠤᠭ | ᠪᠤᠯ ᠮᠤᠩᠭᠤᠯ ᠦᠨᠳᠦᠰᠦᠳᠡᠨ ᠤ ᠣᠷᠳᠤ ᠲᠤᠤᠯᠢᠰ ᠬᠡᠰᠡᠷ ᠰᠣᠶᠤᠯ ᠤᠨ ᠡᠭᠦᠰᠦᠭᠰᠡᠨ ᠭᠠᠵᠠᠷ ᠤᠨ ᠨᠢᠭᠡ᠂ ᠡᠶᠢᠮᠤ | ᠠᠴᠠ ᠣᠯᠠᠨ ᠣᠯᠤᠰ ᠤᠨ ᠬᠡᠰᠡᠷ ᠰᠣᠶᠤᠯ ᠤᠨ ᠰᠣᠳᠣᠯᠤᠨ ᠶᠠᠷᠢᠯᠴᠠᠬᠤ ᠬᠤᠷᠠᠯ ᠢ ᠬᠤᠶᠠᠷ ᠤᠳᠠᠭ᠎ᠠ ᠪᠠᠭᠠᠷᠢᠨ ᠤ | ᠲᠠᠯ᠎ᠠ ᠨᠣᠳᠤᠭ ᠲᠤ ᠡᠷᠬᠢᠯᠡᠵᠤ ᠦᠩᠭᠡᠷᠡᠵᠡᠢ᠃ | 24.ᠣᠪᠤᠭ᠎ᠠ ᠲᠠᠬᠢᠬᠤ᠄ ︵2006 ᠣᠨ ᠳᠤ ᠪᠦᠷᠢᠳᠬᠡᠭᠰᠡᠨ ᠪᠣᠳᠠᠰ ᠤᠨ ᠪᠣᠰᠤ ᠰᠣᠶᠤᠯ ᠤᠨ ᠦᠪ ᠤᠨ | ᠲᠦᠷᠦᠯ ᠵᠦᠢᠯ︶ ᠣᠪᠤᠭ᠎ᠠ ᠲᠠᠬᠢᠬᠤ ᠪᠤᠯ ᠮᠤᠩᠭᠤᠯ ᠦᠨᠳᠦᠰᠦᠳᠡᠨ ᠤ ᠣᠯᠠᠮᠵᠢᠯᠠᠯᠳᠣ ᠲᠠᠳᠬᠠᠯ᠂ ᠮᠤᠩᠭᠤᠯ | ᠦᠨᠳᠦᠰᠦᠳᠡᠨ ᠤ ᠪᠠᠶᠢᠭᠠᠯᠢ ᠶᠢ ᠲᠡᠭᠡᠳᠦᠯᠡᠬᠦ ᠦᠵᠡᠯ ᠰᠠᠨᠠᠭᠠᠨ ᠤ ᠢᠯᠡᠷᠡᠭᠦᠯᠦᠯ ᠤᠨ ᠨᠢᠭᠡ ᠵᠦᠢᠯ ᠪᠤᠯᠤᠨ᠎ᠠ᠃ ᠰᠢᠯᠢ | ᠶᠢᠨ ᠭᠤᠤᠯ ᠠᠶᠢᠮᠠᠭ ᠪᠤᠯ ᠣᠪᠤᠭ᠎ᠠ ᠲᠠᠬᠢᠬᠤ ᠲᠡᠤᠬᠡ ᠶᠢᠨ ᠣᠯᠠᠮᠵᠢᠯᠠᠯ ᠢ ᠬᠠᠮᠤᠭ ᠪᠦᠷᠢᠨ ᠬᠠᠳᠠᠭᠠᠯᠠᠵᠤ ᠪᠠᠶᠢᠭ᠎ᠠ | ᠭᠠᠵᠠᠷ ᠣᠷᠤᠨ᠃ | 25.ᠴᠠᠭᠠᠨ ᠨᠠᠭᠤᠷ ᠤᠨ ᠡᠪᠦᠯ ᠤᠨ ᠣᠯᠠᠷᠢᠯ ᠤᠨ ᠵᠢᠭᠠᠰᠤ ᠠᠩᠨᠠᠬᠤ ᠨᠠᠶᠢᠷ᠄ ︵2008 ᠣᠨ ᠳᠤ | ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ | ᠵᠦᠢᠯ︶ ᠴᠠᠭᠠᠨ ᠨᠠᠭᠤᠷ ᠤᠨ ᠡᠪᠦᠯ ᠤᠨ ᠣᠯᠠᠷᠢᠯ ᠤᠨ ᠵᠢᠭᠠᠰᠤ ᠠᠩᠨᠠᠬᠤ ᠨᠠᠶᠢᠷ ᠪᠤᠯ ᠡᠮᠦᠨ᠎ᠡ ᠭᠤᠷᠯᠤᠰ ᠤᠨ | ᠮᠤᠩᠭᠤᠯ ᠦᠨᠳᠦᠰᠦᠳᠡᠨ ᠤ ᠦᠪᠡᠷᠳᠡᠭᠡᠨ ᠵᠠᠰᠠᠬᠤ ᠰᠢᠶᠡᠨ ᠤ ᠬᠢᠯᠢ ᠳᠤ ᠪᠠᠶᠢᠭ᠎ᠠ ᠴᠠᠭᠠᠨ ᠨᠠᠭᠤᠷ ᠤᠨ ᠡᠪᠦᠯ ᠤᠨ | ᠣᠯᠠᠷᠢᠯ ᠤᠨ ᠵᠢᠭᠠᠰᠤ ᠠᠩᠨᠠᠬᠤ ᠠᠵᠢᠯᠯᠠᠭ᠎ᠠ ᠶᠢ ᠵᠢᠭᠠᠵᠤ ᠪᠤᠢ᠃ | 26.ᠮᠤᠩᠭᠤᠯ ᠡᠮ ᠡᠮᠨᠡᠯᠭᠡ᠄ ︵2008 ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ ᠪᠣᠳᠠᠰ ᠤᠨ ᠪᠣᠰᠣ | ᠰᠣᠶᠤᠯ ᠤᠨ ᠦᠪ ᠤᠨ ᠲᠦᠷᠦᠯ ᠵᠦᠢᠯ︶ ᠮᠤᠩᠭᠤᠯ ᠡᠮ ᠡᠮᠨᠡᠯᠭᠡ ᠨᠢ ᠵᠡᠭᠦᠤ ᠲᠦᠭᠡᠨᠡᠯᠭᠡ ᠪᠠᠷ ᠭᠤᠤᠯ ᠪᠤᠯᠭᠠᠬᠤ | ᠮᠦᠷᠳᠡᠭᠡᠨ ᠭᠠᠯ ᠵᠡᠭᠦᠤ ᠶᠢ ᠬᠡᠷᠡᠭᠯᠡᠬᠦ ᠳᠤ ᠪᠠᠨ ᠲᠠᠳᠮᠠᠭᠠᠢ ᠪᠠᠶᠢᠳᠠᠭ᠃ ᠭᠠᠯ ᠵᠡᠭᠦᠤ ᠭᠡᠵᠤ ᠭᠠᠯ ᠢᠶᠠᠷ ᠰᠢᠷᠠᠵᠤ | ᠣᠯᠠᠶᠢᠯᠭᠠᠭᠰᠠᠨ ᠵᠡᠭᠦᠤ ᠶᠢᠨ ᠦᠵᠦᠭᠦᠷ ᠢ ᠲᠦᠷᠭᠡᠨ ᠱᠠᠯᠠᠮᠠᠭᠠᠢ ᠪᠠᠷ ᠬᠦᠮᠦᠨ ᠤ ᠪᠡᠶ᠎ᠡ ᠶᠢᠨ ᠪᠠᠯᠴᠢᠷ ᠲᠤ ᠬᠠᠳᠬᠤᠨ | ᠣᠷᠤᠭᠤᠯᠵᠤ᠂ ᠡᠪᠡᠳᠴᠢᠨ ᠵᠠᠰᠠᠬᠤ ᠨᠢᠭᠡ ᠵᠦᠢᠯ ᠤᠨ ᠠᠷᠭ᠎ᠠ᠃ ᠮᠤᠩᠭᠤᠯ ᠡᠮ ᠨᠢ ᠡᠪᠡᠰᠦᠨ ᠡᠮ ᠢᠶᠠᠷ ᠭᠤᠣᠯ | ᠪᠤᠯᠭᠠᠳᠠᠭ᠂ ᠡᠷᠳᠡᠨ ᠤ ᠬᠦᠮᠦᠰ ᠮᠤᠩᠭᠤᠯ ᠡᠮ ᠤᠨ ᠴᠢᠨᠠᠷ ᠢ ᠬᠦᠨᠳᠤ᠂ ᠬᠦᠢᠳᠡᠨ᠂ ᠮᠤᠬᠤᠳᠠᠭ᠂ ᠬᠦᠩᠭᠡᠨ᠂ ᠬᠠᠯᠠᠭᠤᠨ | ᠬᠤᠷᠴᠠ ᠵᠡᠷᠭᠡ ᠨᠠᠢᠮᠠᠨ ᠲᠦᠷᠦᠯᠳ ᠬᠤᠷᠢᠶᠠᠩᠭᠤᠶᠢᠯᠠᠳᠠᠭ᠃ ᠲᠦᠪᠡᠳ ᠦᠨᠳᠦᠰᠦᠳᠡᠨ ᠤ ︽ᠪᠠᠷᠠᠭᠤᠨ ᠬᠡᠰᠡᠭ ᠤᠨ | ᠡᠮ ᠡᠮᠨᠡᠯᠭᠡ ᠶᠢᠨ ᠲᠤᠯᠢ︾ ᠮᠤᠩᠭᠤᠯ ᠭᠠᠵᠠᠷ ᠣᠷᠤᠨ ᠳᠤ ᠣᠯᠠᠮᠵᠢᠯᠠᠭᠳᠠᠨ ᠣᠷᠤᠵᠤ ᠢᠷᠡᠬᠦ ᠶᠢ ᠲᠠᠭᠠᠯᠳᠤᠨ | ᠲᠦᠪᠡᠳ ᠡᠮ ᠤᠨ ᠬᠦᠭᠵᠢᠯᠳᠡ ᠳᠤ ᠵᠤᠬᠢᠬᠤ ᠠᠬᠢᠭᠤᠯᠬᠤ ᠦᠢᠯᠡᠳᠦᠯ ᠦᠵᠡᠭᠦᠯᠬᠦ ᠶᠢᠨ ᠬᠠᠮᠳᠤ ᠵᠠᠷᠢᠮ ᠲᠦᠪᠡᠳ | ᠡᠮ ᠨᠢ ᠮᠤᠩᠭᠤᠯ ᠡᠮᠴᠢᠯᠡᠭᠡ ᠳᠤ ᠬᠡᠷᠡᠭᠯᠡᠭᠳᠡᠵᠡᠢ᠃ | 27.ᠬᠠᠷᠠᠴᠢᠨ ᠵᠡᠭᠦᠨ ᠭᠠᠷᠤᠨ ᠮᠣᠩᠭᠤᠯᠴᠣᠳ ᠤᠨ ᠠᠷᠠᠳ ᠤᠨ ᠠᠮᠠᠨ ᠦᠯᠢᠭᠡᠷ᠄ ︵2006 ᠣᠨ ᠤ5 | ᠰᠠᠷ᠎ᠠ ᠶᠢᠨ20 ᠤ ᠡᠳᠦᠷ ᠪᠦᠷᠢᠳᠬᠡᠭᠰᠡᠨ ᠲᠦᠷᠦᠭᠦᠤ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ | ᠤᠨ ᠦᠪ ᠤᠨ ᠲᠦᠷᠦᠯ ᠵᠦᠢᠯ︶ ᠲᠣᠰ ᠦᠯᠢᠭᠡᠷ ᠨᠢ ᠭᠤᠤᠯᠳᠠᠭᠤ ᠬᠠᠷᠠᠴᠢᠨ ᠵᠡᠭᠦᠨ ᠭᠠᠷᠤᠨ ᠮᠤᠩᠭᠤᠯ | ᠦᠨᠳᠦᠰᠦᠳᠡᠨ ᠤ ᠦᠪᠡᠷᠳᠡᠭᠡᠨ ᠵᠠᠰᠠᠬᠤ ᠰᠢᠶᠡᠨ ᠤ ᠨᠢᠭᠡ ᠵᠦᠢᠯ ᠤᠨ ᠠᠮᠠᠨ ᠦᠯᠢᠭᠡᠷ ᠪᠤᠯᠬᠤ ᠪᠦᠭᠡᠳ ᠲᠡᠷᠡ ᠨᠢ | ᠠᠮᠠ ᠪᠠᠷ ᠣᠯᠠᠮᠵᠢᠯᠠᠬᠤ ᠪᠤᠶᠤ ᠲᠠᠭᠤᠯᠠᠬᠤ ᠬᠡᠯᠪᠡᠷᠢ ᠪᠠᠷ ᠲᠠᠷᠬᠠᠭᠳᠠᠭᠰᠠᠨ ᠦᠯᠢᠭᠡᠷ᠂ ᠠᠷᠠᠳ ᠤᠨ ᠲᠠᠭᠤᠣ᠂ ᠰᠡᠴᠡᠨ | ᠦᠭᠡᠰ ᠪᠤᠯᠬᠤ ᠶᠤᠮ᠃ | 28.ᠵᠢᠩᠭᠠᠷ᠄ ︵2006 ᠣᠨ ᠳᠤ ᠪᠦᠷᠢᠳᠬᠡᠭᠰᠡᠨ ᠲᠦᠷᠦᠭᠦᠤ ᠪᠦᠯᠦᠭ ᠣᠯᠤᠰ ᠤᠨ ᠲᠡᠰ ᠤᠨ ᠪᠣᠳᠠᠰ ᠤᠨ | ᠪᠣᠰᠤ ᠰᠣᠶᠤᠯ ᠤᠨ ᠦᠪ ᠤᠨ ᠲᠦᠷᠦᠯ ᠵᠦᠢᠯ︶ ︽ᠵᠢᠩᠭᠠᠷ︾ ᠪᠤᠯ ᠦᠢᠷᠠᠳ ᠮᠤᠩᠭᠤᠯᠴᠣᠳ ᠤᠨ ᠪᠠᠭᠠᠳᠣᠷᠴᠣᠳ | ᠤᠨ ᠲᠤᠤᠯᠢᠰ ᠮᠦᠷᠳᠡᠭᠡᠨ ᠲᠤᠮᠳᠠᠳᠤ ᠣᠯᠤᠰ ᠤᠨ ᠴᠦᠭᠡᠨ ᠲᠤᠭᠠᠳᠤ ᠦᠨᠳᠦᠰᠦᠳᠡᠨ ᠤ ᠭᠤᠷᠪᠠᠨ ᠶᠡᠭᠡ ᠲᠤᠤᠯᠢᠰ | ᠤᠨ ᠨᠢᠭᠡ ᠨᠢ ᠪᠤᠯᠬᠤ ᠶᠤᠮ᠃ ᠵᠢᠩᠭᠠᠷ ᠨᠢ ᠫᠡᠷᠢᠰ ᠬᠡᠯᠡᠨ ᠳᠤ ︽ᠲᠡᠯᠡᠬᠡᠢ ᠶᠢᠨ ᠡᠵᠡᠷᠬᠡᠭᠴᠢ︾ ᠭᠡᠳᠡᠭ ᠪᠤᠯᠪᠠᠴᠤ | ᠮᠤᠩᠭᠤᠯ ᠬᠡᠯᠡᠨ ᠳᠤ ︽ᠴᠢᠳᠠᠪᠣᠷᠢᠳᠠᠨ︾ ᠭᠡᠬᠦ ᠣᠳᠬ᠎ᠠ ᠪᠠᠷ ᠢᠯᠡᠷᠡᠵᠤ ᠪᠠᠶᠢᠳᠠᠭ᠃ | 29.ᠬᠤᠷᠴᠢᠨ ᠴᠣᠭᠤᠷ ᠲᠤᠤᠯᠢᠰ᠄ ︵2008 ᠣᠨ ᠤ6 ᠰᠠᠷ᠎ᠠ ᠶᠢᠨ7 ᠤ ᠡᠳᠦᠷ ᠪᠦᠷᠢᠳᠬᠡᠭᠰᠡᠨ | ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠬᠤᠷᠴᠢᠨ ᠲᠤᠤᠯᠢᠰ ᠨᠢ ᠣᠷᠤᠨ ᠨᠣᠳᠤᠭ ᠤᠨ ᠴᠢᠨᠠᠷᠳᠠᠢ ᠣᠯᠠᠮᠵᠢᠯᠠᠯ ᠪᠤᠯᠬᠤ ᠪᠦᠭᠡᠳ ᠣᠳᠤ ᠪᠤᠯᠳᠠᠯ᠎ᠠ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠣᠷᠤᠨ ᠤ ᠬᠤᠷᠴᠢᠨ ᠨᠣᠳᠤᠭ ᠲᠤ ᠣᠯᠠᠮᠵᠢᠯᠠᠭᠳᠠᠨ ᠦᠯᠡᠳᠡᠭᠳᠡᠵᠤ ᠪᠠᠶᠢᠭ᠎ᠠ | ᠴᠣᠷ ᠤᠨ ᠭᠠᠭᠴᠠ ᠣᠷᠳᠤ ᠲᠤᠤᠯᠢᠰ ᠮᠥᠨ᠃ ᠡᠨᠡ ᠲᠤᠤᠯᠢᠰ ᠨᠢ ᠴᠣᠭᠤᠷ ᠢᠶᠠᠷ ᠲᠠᠮᠵᠢᠭᠳᠠᠨ ᠣᠯᠠᠮᠵᠢᠯᠠᠭᠳᠠᠵᠤ | ᠪᠠᠶᠢᠭ᠎ᠠ ᠶᠤᠮ᠃ |