ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ︽ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠥᠪᠥᠷ ᠨᠠᠮ ᠲᠠᠷᠬᠠᠭᠠᠭᠰᠠᠨ | ﹇2022﹈18 ᠳ᠋ᠤᠭᠠᠷ ᠲᠣᠭᠠᠲᠤ︶ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠭᠠᠵᠠᠷ ᠰᠢᠷᠣᠢ ᠶᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠡᠷᠡᠭᠵᠢᠭᠦᠯᠬᠦ | ᠲᠥᠰᠥᠯ ᠤᠨᠲ᠋ᠤᠬᠠᠢ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 21 ᠳ᠋ᠦ᠋ᠭᠡᠷ ᠲᠣᠭᠠᠲᠤ︶ ᠪᠠ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽︿ᠭᠠᠵᠠᠷ ᠰᠢᠷᠣᠢ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠨ | ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠨᠠᠷᠢᠨ ᠳᠦᠷᠢᠮ﹀ ᠢ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠦᠰᠦᠭᠲᠦ ﹇2022﹈ 359 ᠳ᠋ᠦ᠋ᠭᠡᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ | ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠮᠠᠨ ᠤ ᠬᠤᠲᠠ ᠶᠢᠨ ᠪᠣᠳᠠᠲᠤ ᠪᠠᠶᠢᠳᠠᠯ ᠢ | ᠦᠨᠳᠦᠰᠦᠯᠡᠨ᠂ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ | ᠬᠤᠶᠠᠷ᠂ ᠭᠤᠣᠯ ᠠᠭᠤᠯᠭ᠎ᠠ ᠵᠢᠴᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ | ︽ᠬᠡᠷᠡᠭᠵᠢᠭᠦᠯᠬᠦ ᠲᠥᠰᠥᠯ︾ ᠤᠨ ᠭᠤᠣᠯ ᠠᠭᠤᠯᠭ᠎ᠠ ᠳᠤ ᠬᠠᠷᠠᠯᠲᠠ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠪᠠ | ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠭᠤᠷᠪᠠᠨ ᠬᠡᠰᠡᠭ ᠪᠠᠭᠲᠠᠨ᠎ᠠ᠂ ᠬᠠᠷᠠᠯᠲᠠᠲᠤ ᠡᠭᠦᠷᠭᠡ ᠳᠤ ᠭᠠᠵᠠᠷ ᠰᠢᠷᠣᠢ ᠶᠢ | ᠶᠡᠷᠦᠩᠬᠡᠶᠢᠯᠡᠨ ᠵᠠᠰᠠᠬᠤ᠂ ᠦᠯᠡᠳᠡᠭᠳᠡᠯ ᠡᠬᠢ ᠪᠠᠶᠠᠯᠢᠭ ᠢ ᠴᠢᠯᠦᠭᠡᠲᠡᠢ ᠪᠣᠯᠭᠠᠬᠤ᠂ ᠭᠠᠵᠠᠷ ᠤᠨ ᠦᠨ᠎ᠡ ᠶᠢ | ᠲᠣᠬᠢᠷᠠᠭᠤᠯᠤᠨ ᠡᠵᠡᠮᠳᠡᠬᠦ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠬᠤᠲᠠ ᠶᠢᠨ | ᠭᠠᠵᠠᠷ ᠰᠢᠷᠣᠢ ᠶᠢᠨ ᠡᠬᠢ ᠪᠠᠶᠠᠯᠢᠭ ᠤᠨ ᠥᠷᠲᠡᠭ ᠤᠨ ᠳᠡᠭᠡᠭᠰᠢᠯᠡᠯᠲᠡ ᠶᠢ ᠲᠦᠯᠬᠢᠨ ᠠᠬᠢᠭᠤᠯᠵᠤ᠂ ᠡᠬᠢ | ᠪᠠᠶᠠᠯᠢᠭ ᠤᠨ ᠡᠯᠧᠮᠧᠨ᠋ᠲ ᠤᠨ ᠢᠳᠡᠪᠬᠢ ᠴᠢᠨᠠᠷ ᠢ ᠨᠡᠮᠡᠭᠳᠡᠭᠦᠯᠦᠨ᠂ ᠣᠷᠣᠨ ᠨᠤᠲᠤᠭ ᠤᠨ ᠡᠳ᠋ ᠤᠨ ᠬᠦᠴᠦᠨ ᠢ | ᠨᠡᠮᠡᠭᠳᠡᠭᠦᠯᠵᠦ᠂ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠯᠡᠳᠡᠭᠳᠡᠯ | ᠭᠠᠵᠠᠷ ᠰᠢᠷᠣᠢ ᠶᠢᠨ ᠡᠬᠢ ᠪᠠᠶᠠᠯᠢᠭ ᠢ ᠴᠢᠯᠦᠭᠡᠲᠡᠢ ᠴᠢᠯᠦᠭᠡᠲᠡᠢ ᠪᠣᠯᠭᠠᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ | ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠪᠠᠲᠤᠯᠠᠨ᠎ᠠ ᠭᠡᠵᠦ ᠲᠣᠳᠣᠷᠬᠠᠢ ᠲᠣᠭᠲᠠᠭᠠᠵᠠᠢ᠃ 3 ᠲᠠᠯ᠎ᠠ ᠠᠴᠠ 13 ᠵᠦᠢᠯ ᠤᠨ ᠨᠠᠷᠢᠯᠢᠭᠵᠢᠭᠤᠯᠤᠭᠰᠠᠨ | ᠲᠣᠬᠢᠷᠠᠭᠤᠯᠤᠯᠲᠠ ᠶᠢ ᠳᠤᠷᠠᠳᠴᠤ᠂ ᠬᠠᠷᠢᠭᠤᠴᠠᠯᠭᠠᠲᠤ ᠨᠢᠭᠡᠴᠡ ᠪᠠ ᠪᠡᠶᠡᠯᠡᠭᠦᠯᠬᠦ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠶᠢ ᠪᠠᠶᠢᠭᠤᠯᠤᠨ᠂ ᠨᠡᠪᠲᠡᠷᠡᠯᠴᠡᠨ ᠵᠣᠯᠭᠠᠭᠤᠯᠬᠤ | ᠪᠠ ᠠᠵᠢᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠶᠢᠨ ᠠᠵᠢᠯ ᠢ ᠲᠦᠯᠬᠢᠨ ᠠᠬᠢᠭᠤᠯᠵᠤ᠂ ᠡᠯ᠎ᠡ | ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ︵ᠨᠢᠭᠡ︶ ᠦᠯᠡᠳᠡᠭᠳᠡᠯ ᠬᠡᠷᠡᠭᠯᠡᠬᠦ ᠭᠠᠵᠠᠷ ᠰᠢᠷᠣᠢ ᠶᠢ ᠴᠢᠯᠦᠭᠡᠲᠡᠢ ᠪᠣᠯᠭᠠᠵᠤ᠂ ᠬᠦᠷᠢᠶᠡᠯᠡᠩ ᠲᠣᠭᠤᠷᠢᠭ ᠤᠨ | ᠬᠡᠷᠡᠭᠯᠡᠬᠦ ᠭᠠᠵᠠᠷ ᠰᠢᠷᠣᠢ ᠶᠢᠨ ᠵᠠᠭᠪᠤᠷ ᠲᠤ ᠰᠢᠨ᠎ᠡ ᠶᠢ ᠡᠭᠦᠳᠦᠨ᠎ᠡ᠃ ᠡᠭᠦᠨ ᠳᠤ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠠᠶᠢᠯ ᠲᠣᠰᠬᠤᠨ ᠤ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ︽ᠨᠢᠭᠡ ᠵᠢᠷᠤᠭ︾ ᠰᠢᠰᠲ᠋ᠧᠮ ᠤᠨ ᠪᠠᠶᠢᠭᠤᠯᠤᠯᠲᠠ ᠪᠠ ᠬᠠᠤᠯᠢ ᠶᠢ | ᠵᠥᠷᠢᠴᠡᠨ ᠭᠠᠵᠠᠷ ᠰᠢᠷᠣᠢ ᠬᠡᠷᠡᠭᠯᠡᠭᠰᠡᠨ ᠢ ᠲᠤᠰᠬᠠᠢ ᠵᠦᠢᠯ ᠢᠶᠠᠷ ᠢᠯᠭᠠᠷᠠᠭᠤᠯᠤᠨ ᠴᠡᠭᠴᠡᠯᠡᠬᠦ ᠶᠢᠨ ︽ᠡᠷᠬᠢᠨ ᠬᠠᠷᠠᠬᠤ︾ | ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠭᠲᠠᠨ᠎ᠠ᠃ ︽ᠦᠬᠠᠢ ᠬᠤᠲᠠ ᠶᠢᠨ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021︱2035 ᠣᠨ︶︾ ᠳᠤ ᠬᠤᠲᠠ ᠶᠢᠨ | ᠱᠠᠲᠤᠨ ᠤ ᠡᠯ᠎ᠡ ᠵᠦᠢᠯ ᠤᠨ ᠬᠢᠨᠠᠨ ᠵᠥᠪᠯᠡᠬᠦ ᠠᠵᠢᠯ ᠢ ᠨᠢᠭᠡᠨᠲᠡ ᠳᠠᠭᠤᠰᠬᠠᠵᠤ᠂ ᠭᠤᠷᠪᠠᠨ ᠲᠣᠭᠤᠷᠢᠭ ᠵᠢᠴᠢ ᠰᠢᠶᠠᠩ | ᠪᠠᠯᠭᠠᠰᠤᠨ ᠤ ᠲᠥᠯᠦᠪᠵᠢᠭᠦᠯᠭᠡ ᠶᠢ ᠶᠠᠭ ᠨᠠᠶᠢᠷᠠᠭᠤᠯᠤᠨ ᠵᠣᠬᠢᠶᠠᠵᠤ ᠪᠠᠶᠢᠨ᠎ᠠ᠃ ︽ᠣᠯᠠᠨ ᠲᠥᠯᠦᠪᠵᠢᠭᠦᠯᠭᠡ ᠶᠢ | ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠶᠣᠰᠣᠲᠠᠢ ᠶᠢ ᠨᠢ ᠴᠥᠮ ᠨᠠᠶᠢᠷᠠᠭᠤᠯᠤᠨ ᠵᠣᠬᠢᠶᠠᠨ᠎ᠠ᠂ ᠣᠳᠣᠬᠠᠨ ᠳᠤ ᠬᠠᠶᠢᠷᠤᠪ ᠤᠨ ᠲᠣᠬᠤᠢ ᠲᠣᠭᠤᠷᠢᠭ ᠤᠨ 5᠂ | ᠤᠳᠠ ᠶᠢᠨ ᠲᠣᠭᠤᠷᠢᠭ ᠤᠨ 2 ᠠᠶᠢᠯ ᠲᠣᠰᠬᠤᠨ ᠤ ᠲᠥᠯᠦᠪᠵᠢᠭᠦᠯᠭᠡ ᠶᠢ ᠶᠠᠭ ᠨᠠᠶᠢᠷᠠᠭᠤᠯᠤᠨ ᠵᠣᠬᠢᠶᠠᠵᠤ ᠪᠠᠶᠢᠨ᠎ᠠ᠃ | ᠪᠥᠬᠦ ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ | ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾ ᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠨᠢᠭᠡᠨᠲᠡ ᠴᠤᠭᠯᠠᠭᠤᠯᠤᠭᠰᠠᠨ ᠲᠤᠭ᠎ᠠ | ᠪᠠᠷᠢᠮᠲᠠ ᠶᠢᠨ ᠰᠢᠢᠳᠪᠦᠷᠢᠯᠡᠯᠲᠡ ᠶᠢ ᠲᠥᠯᠦᠪᠵᠢᠭᠦᠯᠭᠡ ᠶᠢᠨ ᠨᠢᠭᠡ ᠵᠢᠷᠤᠭ ᠤᠨ ᠰᠢᠰᠲ᠋ᠧᠮ ᠤᠨ ᠠᠵᠢᠯ ᠳᠤ ᠪᠢᠴᠢᠨ | ᠣᠷᠣᠭᠤᠯᠵᠤ᠂ 4 ᠰᠠᠷ᠎ᠠ ᠳᠤ ᠰᠢᠰᠲ᠋ᠧᠮ ᠤᠨ ᠦᠨᠡᠯᠡᠨ ᠲᠣᠭᠲᠠᠭᠠᠯᠲᠠ ᠪᠠ ᠰᠢᠯᠭᠠᠨ ᠠᠪᠬᠤ ᠪᠠᠷ ᠲᠥᠯᠥᠪᠯᠡᠵᠦ ᠪᠣᠶ᠃ | ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠶᠠᠪᠤᠳᠠᠯ ᠢ ᠲᠤᠰᠬᠠᠶᠢᠯᠠᠨ ᠢᠯᠭᠠᠷᠠᠭᠤᠯᠤᠨ ᠴᠡᠭᠴᠡᠯᠡᠵᠦ ︽ᠡᠷᠬᠢᠨ | ᠬᠠᠷᠠᠬᠤ︾ ᠨᠢ ᠪᠥᠬᠦ ᠬᠤᠲᠠ ᠶᠢᠨ 279 ᠲᠤᠰᠬᠠᠢ ᠢᠯᠭᠠᠷᠠᠭᠤᠯᠤᠨ ᠴᠡᠭᠴᠡᠯᠡᠬᠦ ᠠᠰᠠᠭᠤᠳᠠᠯ ᠳᠤ ᠬᠤᠯᠪᠣᠭᠳᠠᠵᠤ᠂ | ᠨᠢᠭᠡᠨᠲᠡ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠭᠰᠡᠨ ᠠᠰᠠᠭᠤᠳᠠᠯ ᠨᠢ 212᠂ ᠬᠡᠷᠡᠭ ᠪᠣᠯᠭᠠᠨ | ᠳᠡᠩᠰᠡᠯᠡᠵᠦ ᠰᠢᠢᠳᠪᠦᠷᠢᠯᠡᠭᠰᠡᠨ ᠦᠭᠡᠢ ᠠᠰᠠᠭᠤᠳᠠᠯ ᠨᠢ 67᠂ ᠨᠢᠭᠡᠨᠲᠡ ᠴᠡᠭᠴᠡᠯᠡᠨ ᠵᠠᠰᠠᠵᠤ ᠳᠠᠭᠤᠰᠬᠠᠭᠰᠠᠨ | ᠪᠥᠭᠡᠳ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠠᠭᠤᠯᠤᠭᠰᠠᠨ ᠠᠰᠠᠭᠤᠳᠠᠯ ᠨᠢ 206᠂ ᠴᠡᠭᠴᠡᠯᠡᠨ ᠵᠠᠰᠠᠵᠤ | ᠳᠠᠭᠤᠰᠬᠠᠭᠰᠠᠨ ᠨᠣᠷᠮ᠎ᠠ 73.84% ᠳᠤ ᠬᠥᠷᠪᠡ᠃ | ︵ᠬᠤᠶᠠᠷ︶ ᠦᠯᠡᠳᠡᠭᠳᠡᠯ ᠬᠡᠷᠡᠭᠯᠡᠬᠦ ᠭᠠᠵᠠᠷ ᠰᠢᠷᠣᠢ ᠶᠢ ᠴᠢᠯᠦᠭᠡᠲᠡᠢ ᠪᠣᠯᠭᠠᠵᠤ᠂ ᠬᠦᠷᠢᠶᠡᠯᠡᠩ ᠲᠣᠭᠤᠷᠢᠭ ᠤᠨ | ᠬᠡᠷᠡᠭᠯᠡᠬᠦ ᠭᠠᠵᠠᠷ ᠰᠢᠷᠣᠢ ᠶᠢᠨ ᠵᠠᠭᠪᠤᠷ ᠲᠤ ᠰᠢᠨ᠎ᠡ ᠶᠢ ᠡᠭᠦᠳᠦᠨ᠎ᠡ᠃ ᠡᠭᠦᠨ ᠳᠤ ᠰᠠᠭᠤᠷᠢ ᠲᠤᠭ᠎ᠠ ᠶᠢ ᠪᠠᠶᠢᠴᠠᠭᠠᠨ | ᠲᠣᠳᠣᠷᠬᠠᠢ ᠣᠶᠢᠯᠠᠭᠠᠬᠤ᠂ ᠦᠯᠡᠳᠡᠭᠳᠡᠯ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠬᠤ᠂ ᠭᠠᠵᠠᠷ ᠰᠢᠷᠣᠢ ᠶᠢᠨ | ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠢ ᠪᠠᠶᠢᠭᠤᠯᠬᠤ᠂ ᠬᠦᠷᠢᠶᠡᠯᠡᠩ ᠲᠣᠭᠤᠷᠢᠭ ᠤᠨ | ᠬᠡᠷᠡᠭᠯᠡᠬᠦ ᠭᠠᠵᠠᠷ ᠤᠨ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ | ᠪᠠᠭᠲᠠᠭᠠᠨ᠎ᠠ᠃ ᠰᠠᠭᠤᠷᠢ ᠲᠤᠭ᠎ᠠ ᠶᠢ ᠪᠠᠶᠢᠴᠠᠭᠠᠨ ᠣᠶᠢᠯᠠᠭᠠᠵᠤ᠂ ᠰᠠᠭᠤᠷᠢ ᠲᠤᠭ᠎ᠠ ᠪᠠᠷᠢᠮᠲᠠ ᠶᠢ ᠪᠠᠶᠢᠴᠠᠭᠠᠨ ᠡᠮᠬᠢᠳᠬᠡᠬᠦ | ᠪᠠ ᠲᠤᠰᠬᠠᠢ ᠠᠵᠢᠯ ᠤᠨ ᠠᠬᠢᠭᠤᠯᠤᠯᠲᠠ ᠶᠢ ᠰᠠᠶᠢᠲᠤᠷ ᠬᠢᠨ᠎ᠡ᠃ ᠦᠯᠡᠳᠡᠭᠡᠯ ᠬᠡᠷᠡᠭᠯᠡᠭᠡᠨ ᠤ ᠭᠠᠵᠠᠷ ᠢ ᠠᠮᠢᠳᠤᠯᠢᠭ | ᠪᠣᠯᠭᠠᠵᠤ᠂ 2022 ᠣᠨ ᠳᠤ ᠵᠥᠪᠰᠢᠶᠡᠷᠡᠭᠰᠡᠨ ᠪᠣᠯᠪᠠᠴᠤ ᠰᠢᠩᠭᠡᠭᠡᠯᠲᠡ ᠶᠢᠨ ᠡᠭᠦᠷᠭᠡ ᠶᠢ ᠬᠠᠩᠭᠠᠭᠰᠠᠨ ᠦᠭᠡᠢ 93. | 33 ᠾᠧᠺᠲ᠋ᠠᠷ᠂ ᠰᠢᠩᠭᠡᠭᠡᠯᠲᠡ ᠶᠢᠨ ᠬᠡᠮᠵᠢᠶ᠎ᠡ 142.93 ᠾᠧᠺᠲ᠋ᠠᠷ ᠪᠠᠶᠢᠵᠤ᠂ ᠪᠡᠶᠡᠯᠡᠭᠦᠯᠦᠭᠰᠡᠨ ᠨᠣᠷᠮ᠎ᠠ ᠨᠢ | 153% ᠪᠠᠶᠢᠵᠤ᠂ ᠥᠪᠡᠷᠲᠡᠭᠡᠨ ᠵᠠᠰᠠᠬᠤ ᠣᠷᠣᠨ ᠭᠤᠷᠪᠠᠳᠤᠭᠠᠷ ᠲᠤ ᠵᠢᠭᠰᠠᠭᠠᠭᠳᠠᠪᠠ᠃ ᠰᠤᠯᠠ ᠲᠠᠯᠪᠢᠭᠳᠠᠵᠤ | ᠪᠠᠶᠢᠭ᠎ᠠ ᠰᠢᠢᠳᠪᠦᠷᠢᠯᠡᠬᠦ ᠴᠢᠬᠤᠯᠠᠲᠠᠢ ᠭᠠᠵᠠᠷ ᠰᠢᠷᠣᠢ ᠶᠢᠨ ᠡᠭᠦᠷᠭᠡ 13.33 ᠾᠧᠺᠲ᠋ᠠᠷ ᠪᠠᠶᠢᠵᠤ᠂ 46.0227 | ᠾᠧᠺᠲ᠋ᠠᠷ ᠢ ᠰᠢᠢᠳᠪᠦᠷᠢᠯᠡᠵᠦ᠂ ᠪᠡᠶᠡᠯᠡᠭᠦᠯᠦᠭᠰᠡᠨ ᠨᠣᠷᠮ᠎ᠠ ᠨᠢ 350% ᠳᠤ ᠬᠦᠷᠴᠦ᠂ ᠥᠪᠡᠷᠲᠡᠭᠡᠨ ᠵᠠᠰᠠᠬᠤ ᠣᠷᠣᠨ | ᠬᠤᠶᠠᠳᠤᠭᠠᠷ ᠲᠤ ᠵᠢᠭᠰᠠᠭᠠᠭᠳᠠᠪᠠ᠃2023 ᠣᠨ ᠳᠤ᠂ ᠵᠥᠪᠰᠢᠶᠡᠷᠡᠭᠰᠡᠨ ᠪᠣᠯᠪᠠᠴᠤ ᠰᠢᠩᠭᠡᠭᠡᠵᠦ ᠳᠡᠶᠢᠯᠦᠭᠰᠡᠨ | ᠦᠭᠡᠢ ᠡᠭᠦᠷᠭᠡ 133.33 ᠾᠧᠺᠲ᠋ᠠᠷ ᠪᠠᠶᠢᠵᠤ᠂ ᠨᠢᠭᠡᠨᠲᠡ 51.29 ᠾᠧᠺᠲ᠋ᠠᠷ ᠢ ᠰᠢᠩᠭᠡᠭᠡᠵᠦ᠂ ᠣᠨ ᠤ | ᠡᠭᠦᠷᠭᠡ ᠪᠠᠨ 38% ᠪᠠᠷ ᠪᠡᠶᠡᠯᠡᠭᠦᠯᠪᠡ᠃ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ | ᠡᠭᠦᠷᠭᠡ 13.33 ᠾᠧᠺᠲ᠋ᠠᠷ ᠪᠠᠶᠢᠵᠤ᠂ ᠨᠢᠭᠡᠨᠲᠡ 23.31 ᠾᠧᠺᠲ᠋ᠠᠷ ᠢ ᠰᠢᠢᠳᠪᠦᠷᠢᠯᠡᠵᠦ᠂ ᠪᠡᠶᠡᠯᠡᠭᠦᠯᠦᠭᠰᠡᠨ | ᠨᠣᠷᠮ᠎ᠠ ᠨᠢ 175% ᠳᠤ ᠬᠥᠷᠪᠡ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠠᠪᠴᠠᠩ ᠳᠤ | ᠲᠦᠰᠢᠭᠯᠡᠨ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠵᠤ᠂ 2 ᠰᠠᠷ᠎ᠠ ᠶᠢᠨ 6 ᠤ ᠡᠳᠦᠷ ᠲᠤᠷᠰᠢᠯᠲᠠ ᠬᠢᠭᠡᠳ ᠲᠤᠷᠰᠢᠨ | ᠠᠵᠢᠯᠯᠠᠭᠤᠯᠬᠤ ᠱᠠᠲᠤᠨ ᠳᠤ ᠣᠷᠣᠪᠠ᠂ ᠡᠭᠦᠨ ᠠᠴᠠ ᠭᠠᠳᠠᠨ᠎ᠠ᠂ ᠬᠤᠲᠠ ᠶᠢᠨ ᠠᠷᠠᠳ ᠤᠨ ᠦᠢᠯᠡᠴᠢᠯᠡᠭᠡᠨ ᠤ | ᠲᠥᠪ ᠤᠨ ᠨᠢᠭᠡᠳᠦᠭᠡᠷ ᠳᠠᠪᠬᠤᠷᠭ᠎ᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠶᠡᠭᠡ ᠲᠢᠩᠬᠢᠮ ᠳᠤ | ᠪᠠᠰᠠ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠰᠦᠯᠵᠢᠶᠡᠨ ᠠᠴᠠ ᠭᠠᠳᠠᠨᠠᠬᠢ ᠴᠣᠩᠬᠤ ᠭᠠᠷᠭᠠᠵᠠᠢ᠃ ᠬᠦᠷᠢᠶᠡᠯᠡᠩ | ᠲᠣᠭᠤᠷᠢᠭ ᠤᠨ ᠬᠡᠷᠡᠭᠯᠡᠬᠦ ᠭᠠᠵᠠᠷ ᠤᠨ ᠵᠠᠭᠪᠤᠷ ᠤᠨ ᠰᠢᠨ᠎ᠡ ᠶᠢ ᠡᠭᠦᠳᠴᠦ᠂ ︽ᠪᠠᠷᠢᠮᠵᠢᠶᠠᠲᠤ ᠭᠠᠵᠠᠷ︾ ᠤᠨ | ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠵᠤ᠂ 2022 ᠣᠨ ᠤ 9 ᠰᠠᠷ᠎ᠠ ᠶᠢᠨ 24 ᠤ ᠡᠳᠦᠷ ᠤᠨ | ︽ᠦᠬᠠᠢ ᠬᠤᠲᠠ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ︿ᠪᠠᠷᠢᠮᠵᠢᠶᠠᠲᠤ ᠭᠠᠵᠠᠷ﹀ ᠤᠨ ᠬᠡᠷᠡᠭᠵᠢᠭᠦᠯᠬᠦ | ᠲᠥᠰᠥᠯ ︵ᠲᠤᠷᠰᠢᠨ ᠬᠡᠷᠡᠭᠵᠢᠭᠦᠯᠬᠦ︶︾ ᠢ ᠦᠬᠠᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ | ᠬᠢᠨᠠᠨ ᠵᠥᠪᠯᠡᠵᠦ᠂ 10 ᠰᠠᠷ᠎ᠠ ᠶᠢᠨ 28 ᠤ ᠡᠳᠦᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ | ᠳᠠᠷᠤᠮᠠᠯᠯᠠᠨ ᠲᠠᠷᠬᠠᠭᠠᠵᠤ᠂ ᠣᠳᠣᠬᠠᠨ ᠳᠤ᠂ ᠤᠳᠠ ᠲᠣᠭᠤᠷᠢᠭ ᠤᠨ 3.9740 ᠾᠧᠺᠲ᠋ᠠᠷ ᠠᠵᠤ ᠦᠢᠯᠡᠳᠪᠦᠷᠢ ᠳᠤ | ᠬᠡᠷᠡᠭᠯᠡᠬᠦ ᠭᠠᠵᠠᠷ ᠢ ︽ᠪᠠᠷᠢᠮᠵᠢᠶᠠᠲᠤ ᠭᠠᠵᠠᠷ︾ ᠢᠶᠠᠷ ᠰᠢᠯᠵᠢᠭᠦᠯᠪᠡ᠃ | ︵ᠭᠤᠷᠪᠠ︶ ᠭᠠᠵᠠᠷ ᠰᠢᠷᠣᠢ ᠶᠢ ᠰᠢᠯᠵᠢᠭᠦᠯᠬᠦ ᠠᠷᠭ᠎ᠠ ᠮᠠᠶ᠋ᠢᠭ ᠢ ᠬᠤᠪᠢᠷᠠᠭᠤᠯᠵᠤ᠂ ᠵᠠᠰᠠᠭ ᠤᠨ ᠣᠷᠳᠣᠨ ᠤ | ᠭᠠᠵᠠᠷ ᠰᠢᠷᠣᠢ ᠶᠢᠨ ᠠᠰᠢᠭ ᠣᠷᠣᠯᠭ᠎ᠠ ᠶᠢ ᠥᠷᠭᠡᠳᠬᠡᠨ᠎ᠡ᠃ ᠡᠭᠦᠨ ᠳᠤ ᠭᠠᠵᠠᠷ ᠰᠢᠷᠣᠢ ᠶᠢ ᠰᠢᠯᠵᠢᠭᠦᠯᠬᠦ | ᠬᠤᠳᠠᠯᠳᠤᠬᠤ ᠠᠷᠭ᠎ᠠ ᠮᠠᠶ᠋ᠢᠭ ᠢ ᠬᠤᠪᠢᠷᠠᠭᠤᠯᠬᠤ᠂ ᠭᠠᠵᠠᠷ ᠰᠢᠷᠣᠢ ᠶᠢ ᠵᠦᠷᠢᠶᠡᠴᠢᠯᠡᠨ ᠬᠠᠩᠭᠠᠬᠤ ᠶᠢ ᠲᠦᠯᠬᠢᠨ | ᠠᠬᠢᠭᠤᠯᠬᠤ᠂ ᠳᠣᠣᠷ᠎ᠠ ᠠᠰᠢᠭᠯᠠᠮᠵᠢᠲᠤ ᠭᠠᠵᠠᠷ ᠰᠢᠷᠣᠢ ᠶᠢᠨ ᠥᠷᠲᠡᠭ ᠢ ᠳᠡᠭᠡᠭᠰᠢᠯᠡᠭᠦᠯᠬᠦ᠂ ᠭᠠᠵᠠᠷ ᠰᠢᠷᠣᠢ ᠶᠢᠨ | ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠢ ᠴᠢᠩᠭᠠᠳᠬᠠᠬᠤ᠂ ᠭᠠᠵᠠᠷ ᠰᠢᠷᠣᠢ ᠶᠢᠨ ᠨᠥᠭᠡᠴᠡᠯᠡᠯᠲᠡ ᠶᠢᠨ ᠠᠷᠭ᠎ᠠ | ᠮᠠᠶ᠋ᠢᠭ ᠤᠨ ᠰᠢᠨ᠎ᠡ ᠶᠢ ᠡᠭᠦᠳᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠭᠲᠠᠨ᠎ᠠ᠃ ᠭᠠᠵᠠᠷ ᠰᠢᠷᠣᠢ ᠶᠢ | ᠰᠢᠯᠵᠢᠭᠦᠯᠦᠨ ᠬᠤᠳᠠᠯᠳᠤᠬᠤ ᠠᠷᠭ᠎ᠠ ᠮᠠᠶ᠋ᠢᠭ ᠢ ᠬᠤᠪᠢᠷᠠᠭᠤᠯᠵᠤ᠂ ᠰᠠᠯᠬᠢᠨ ᠬᠦᠴᠦᠨ ᠤ ᠴᠠᠬᠢᠯᠭᠠᠨ ᠬᠡᠷᠡᠯ ᠸᠣᠯᠲ᠂ | ᠨᠡᠭᠦᠷᠡᠰᠦ᠂ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠵᠡᠷᠭᠡ ᠲᠥᠷᠥᠯ ᠵᠦᠢᠯ ᠤᠨ | ᠲᠥᠯᠦᠪᠦᠷᠢᠲᠠᠢ ᠪᠠᠷ ᠭᠠᠵᠠᠷ ᠰᠢᠷᠣᠢ ᠬᠠᠩᠭᠠᠬᠤ ᠶᠢ ᠢᠳᠡᠪᠬᠢᠲᠡᠢ ᠪᠠᠷ ᠬᠡᠷᠡᠭᠵᠢᠭᠦᠯᠵᠦ᠂ ᠦᠬᠠᠢ ᠰᠢᠶᠧ ᠾᠧ ᠸᠧᠢ | ᠢᠦᠢ ᠰᠢᠨ᠎ᠡ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠬᠠᠶᠢᠨᠠᠨ ᠲᠣᠭᠤᠷᠢᠭ ᠤᠨ 20MW | ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠳᠤ ᠲᠥᠯᠥᠪᠦᠷᠢ ᠲᠠᠢ ᠠᠷᠭ᠎ᠠ ᠮᠠᠶ᠋ᠢᠭ ᠢᠶᠠᠷ ᠭᠠᠵᠠᠷ | ᠬᠠᠩᠭᠠᠬᠤ ᠶᠢᠨ ᠬᠠᠮᠲᠤ ᠨᠢᠭᠡᠨᠲᠡ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ᠃ ᠭᠠᠵᠠᠷ ᠰᠢᠷᠣᠢ ᠶᠢᠨ ᠵᠥᠷᠢᠶᠡᠲᠦ | ᠬᠠᠩᠭᠠᠯᠭ᠎ᠠ ᠶᠢ ᠠᠬᠢᠭᠤᠯᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠠᠴᠠ ᠪᠤᠰᠤᠳ ᠠᠵᠤ ᠦᠢᠯᠡᠰ ᠲᠤ | ᠬᠡᠷᠡᠭᠯᠡᠬᠦ ᠭᠠᠵᠠᠷ ᠰᠢᠷᠣᠢ ᠶᠢ ᠣᠷᠳᠣ ᠬᠤᠭᠤᠴᠠᠭ᠎ᠠ ᠪᠠᠷ ᠲᠦᠷᠢᠶᠡᠰᠦᠯᠡᠬᠦ᠂ ᠤᠷᠢᠳ ᠢᠶᠠᠷ ᠲᠦᠷᠢᠶᠡᠰᠦᠯᠡᠵᠦ ᠳᠠᠷᠠᠭ᠎ᠠ | ᠳᠤᠨᠢ ᠰᠢᠯᠵᠢᠭᠦᠯᠦᠨ ᠥᠭᠬᠦ᠂ ᠬᠠᠷᠢᠮᠠᠬᠠᠢ ᠴᠢᠨᠠᠷᠲᠠᠢ ᠪᠠᠷ ᠵᠢᠯ ᠤᠨ ᠬᠤᠭᠤᠴᠠᠭ᠎ᠠ ᠲᠠᠢ ᠪᠠᠷ ᠰᠢᠯᠵᠢᠭᠦᠯᠦᠨ ᠥᠭᠬᠦ ᠵᠡᠷᠭᠡ | ᠠᠮᠢᠳᠤᠯᠢᠭ ᠠᠷᠭ᠎ᠠ ᠮᠠᠶ᠋ᠢᠭ ᠢᠶᠠᠷ ᠭᠠᠵᠠᠷ ᠰᠢᠷᠣᠢ ᠶᠢ ᠬᠠᠩᠭᠠᠵᠤ ᠪᠣᠯᠣᠨ᠎ᠠ᠃ ᠦᠬᠠᠢ ᠬᠤᠲᠠ ᠶᠢᠨ ᠾᠧᠩ ᠢᠦᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠵᠢᠯ ᠳᠤ 30 ᠲᠦᠮᠡᠨ ᠲᠣᠨ ᠥᠨᠳᠥᠷ ᠴᠢᠩᠭ᠎ᠠ ᠴᠢᠨᠰᠠᠭ᠎ᠠ ᠲᠠᠢ ᠬᠠᠶᠢᠷᠴᠠᠭᠲᠤ ᠡᠷᠦᠳᠡᠰᠦ ᠶᠢᠨ | ᠨᠡᠮᠡᠯᠲᠡ ᠡᠳ᠋᠂ 15 ᠲᠦᠮᠡᠨ ᠲᠣᠨ ᠬᠦᠳᠡᠷ ᠤᠨ ᠰᠢᠭᠠᠷᠤ ᠶᠢᠨ ᠪᠢᠴᠢᠯ ᠨᠤᠨᠳᠠᠭ ᠵᠡᠷᠭᠡ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠠᠰᠢᠭᠯᠠᠬᠤ ᠲᠥᠷᠥᠯ ᠵᠦᠢᠯ ᠳᠤ ᠬᠡᠷᠡᠭᠯᠡᠬᠦ ᠭᠠᠵᠠᠷ᠂ ᠲᠠᠯᠠᠪᠠᠶ ᠨᠢ 2.7458 ᠾᠧᠺᠲ᠋ᠠᠷ | ᠪᠠᠶᠢᠵᠤ᠂ ᠬᠠᠷᠢᠮᠠᠬᠠᠢ ᠴᠢᠨᠠᠷᠲᠠᠢ ᠰᠢᠯᠵᠢᠭᠦᠯᠬᠦ ᠠᠷᠭ᠎ᠠ ᠮᠠᠶ᠋ᠢᠭ ᠢᠶᠠᠷ ᠭᠠᠵᠠᠷ ᠬᠠᠩᠭᠠᠨ᠎ᠠ᠂ ᠰᠢᠯᠵᠢᠭᠦᠯᠦᠨ ᠬᠡᠷᠡᠭᠯᠡᠬᠦ | ᠬᠤᠭᠤᠴᠠᠭ᠎ᠠ ᠨᠢ 30 ᠵᠢᠯ ᠪᠣᠯᠣᠨ᠎ᠠ᠃ ᠥᠪᠥᠷ ᠮᠣᠩᠭᠤᠯ ᠤᠨ ᠬᠤᠸ ᠶᠢᠤ ᠨᠡᠭᠦᠷᠡᠰᠦ ᠤᠬᠢᠶᠠᠵᠤ ᠰᠢᠯᠢᠬᠦ ᠬᠢᠵᠠᠭᠠᠷᠲᠤ | ᠺᠣᠮᠫᠠᠨᠢ ᠵᠢᠯ ᠳᠤ 180 ᠲᠦᠮᠡᠨ ᠲᠣᠨ ᠤ ᠨᠡᠭᠦᠷᠡᠰᠦ ᠰᠢᠯᠢᠬᠦ ᠲᠥᠷᠥᠯ ᠵᠦᠢᠯ ᠢ ᠰᠢᠢᠳᠪᠦᠷᠢᠯᠡᠵᠦ᠂ ᠬᠡᠷᠡᠭᠯᠡᠬᠦ | ᠭᠠᠵᠠᠷ ᠤᠨ ᠲᠠᠯᠠᠪᠠᠶ ᠨᠢ 6.2881 ᠾᠧᠺᠲ᠋ᠠᠷ ᠪᠠᠶᠢᠵᠤ᠂ ᠬᠠᠷᠢᠮᠠᠬᠠᠢ ᠴᠢᠨᠠᠷᠲᠠᠢ ᠪᠠᠷ ᠰᠢᠯᠵᠢᠭᠦᠯᠬᠦ ᠠᠷᠭ᠎ᠠ | ᠮᠠᠶ᠋ᠢᠭ ᠢᠶᠠᠷ ᠭᠠᠵᠠᠷ ᠬᠠᠩᠭᠠᠵᠤ᠂ ᠰᠢᠯᠵᠢᠭᠦᠯᠦᠨ ᠬᠡᠷᠡᠭᠯᠡᠬᠦ ᠬᠤᠭᠤᠴᠠᠭ᠎ᠠ ᠨᠢ 20 ᠵᠢᠯ ᠪᠣᠯᠣᠨ᠎ᠠ᠃ ᠳᠣᠣᠷ᠎ᠠ | ᠠᠰᠢᠭᠯᠠᠮᠵᠢᠲᠤ ᠭᠠᠵᠠᠷ ᠤᠨ ᠦᠷᠳᠡᠭ ᠢ ᠳᠡᠭᠡᠭᠰᠢᠯᠡᠭᠦᠯᠵᠦ᠂ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ | ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠳᠤ ᠡᠯᠡᠰᠦ᠂ ᠭᠤᠪᠢ᠂ ᠴᠥᠯ ᠵᠡᠷᠭᠡ ᠠᠰᠢᠭᠯᠠᠭᠠᠳᠤᠢ | ᠭᠠᠵᠠᠷ ᠢ ᠬᠡᠷᠡᠭᠯᠡᠬᠦ ᠶᠢ ᠵᠦᠢ ᠵᠣᠬᠢᠰᠲᠠᠢ ᠪᠠᠶᠢᠷᠢᠰᠢᠭᠤᠯᠵᠤ᠂ 2022 ᠣᠨ ᠳᠤ ᠲᠥᠪᠯᠡᠷᠡᠭᠦᠯᠦᠭᠰᠡᠨ ᠬᠡᠯᠪᠡᠷᠢ ᠶᠢᠨ | ᠭᠡᠷᠡᠯ ᠴᠡᠨᠡᠭ ᠤᠨ ᠲᠦᠷᠦᠯ ᠵᠦᠢᠯ 3 ᠪᠠᠶᠢᠵᠤ᠂ ᠪᠦᠷ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ᠃ ᠭᠠᠵᠠᠷ | ᠰᠢᠷᠣᠢ ᠶᠢᠨ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ᠂ 2022 ᠣᠨ ᠤ 9 ᠰᠠᠷ᠎ᠠ ᠶᠢᠨ | 9 ᠤ ᠡᠳᠦᠷ ᠦᠬᠠᠢ ᠬᠤᠲᠠ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠠᠰ ᠲᠣᠭᠲᠠᠭᠠᠬᠤ ᠪᠠ ᠰᠠᠭᠤᠷᠢ | ᠪᠠᠷᠢᠮᠵᠢᠶᠠᠲᠤ ᠭᠠᠵᠠᠷ ᠤᠨ ᠦᠨ᠎ᠡ ᠶᠢᠨ ᠠᠯᠪᠠᠨ ᠵᠠᠷ ︵2 ᠳ᠋ᠤᠭᠠᠷ ᠲᠣᠭᠠᠲᠤ︶᠂ ᠭᠠᠵᠠᠷ ᠰᠢᠷᠣᠢ ᠶᠢᠨ ᠲᠠᠰ | ᠲᠣᠭᠲᠠᠭᠠᠬᠤ ᠪᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠠᠯᠪᠠᠨ ᠵᠠᠷ ︵3 ᠳ᠋ᠤᠭᠠᠷ ᠲᠣᠭᠠᠲᠤ︶ ᠢ | ᠨᠡᠶᠢᠲᠡᠯᠡᠪᠡ᠃ ᠭᠠᠵᠠᠷ ᠰᠢᠷᠣᠢ ᠨᠥᠭᠡᠴᠡᠯᠡᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠤᠲᠠ ᠪᠠ | ᠲᠣᠭᠤᠷᠢᠭ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠢ ᠭᠠᠵᠠᠷ ᠰᠢᠷᠣᠢ ᠨᠥᠭᠡᠴᠡᠯᠡᠵᠦ ᠪᠡᠯᠡ | ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠭᠠᠵᠠᠷ ᠰᠢᠷᠣᠢ ᠨᠥᠭᠡᠴᠡᠯᠡᠬᠦ ᠬᠡᠪᠴᠢᠶ᠎ᠡ ᠪᠠᠨ ᠥᠷᠭᠡᠳᠬᠡᠨ᠂ | ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠢ ᠲᠣᠬᠢᠷᠠᠭᠤᠯᠤᠨ | ᠡᠵᠡᠮᠳᠡᠬᠦ ᠪᠠ ᠪᠠᠲᠤᠯᠠᠬᠤ ᠴᠢᠳᠠᠪᠤᠷᠢ ᠪᠠᠨ ᠨᠡᠮᠡᠭᠳᠡᠭᠦᠯᠬᠦ ᠶᠢ ᠱᠠᠭᠠᠷᠳᠠᠪᠠ᠃ |