2023 ᠣᠨ ᠤ ᠦᠬᠠᠢ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠤ ᠳᠤᠭᠤᠢ ᠲᠡᠷᠭᠡᠨ ᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/9/4
     9 ᠰᠠᠷ᠎ᠠ ᠶᠢᠨ 1 ᠤ ᠡᠳᠦᠷ᠂ 2023 ᠣᠨ ᠤ ᠦᠬᠠᠢ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠤ ︽ᠦᠬᠠᠢ ᠳᠤ ᠪᠤᠯᠵᠤᠵᠤ  ᠦᠵᠦᠮ ᠤᠨ ᠬᠦᠷᠢᠶᠡᠯᠡᠩ ᠢᠶᠠᠷ ᠵᠤᠭᠠᠴᠠᠶ᠎ᠠ︾ ᠬᠡᠬᠦ ᠳᠤᠭᠤᠢ ᠲᠡᠷᠭᠡᠨ ᠤ ᠤᠷᠤᠯᠳᠤᠭᠠᠨ ᠦᠵᠦᠮ ᠤᠨ ᠬᠦᠷᠢᠶᠡᠯᠡᠩ ᠤᠨ ᠨᠣᠭᠤᠭᠠᠨ ᠵᠠᠮ ᠤᠨ ᠠᠭᠤᠳᠠᠮ ᠲᠠᠯᠠᠪᠠᠢ ᠳᠤ ᠬᠦᠷ ᠬᠥᠭᠵᠢᠶᠡᠨ ᠲᠠᠢ ᠡᠬᠢᠯᠡᠵᠦ᠂ ᠨᠡᠶᠢᠳᠡ 200 ᠭᠠᠷᠤᠢ ᠳᠤᠭᠤᠢ ᠣᠨᠣᠬᠤ ᠳᠤᠷᠠᠲᠠᠢ ᠬᠥᠮᠥᠰ ᠣᠷᠣᠯᠴᠠᠪᠠ᠃      ᠲᠤᠰ ᠣᠳᠠᠭᠠᠨ ᠤ ᠤᠷᠤᠯᠳᠤᠭᠠᠨ ᠨᠢ ︽ᠦᠬᠠᠢ ᠳᠤ ᠪᠤᠯᠵᠤᠵᠤ  ᠦᠵᠦᠮ ᠤᠨ ᠬᠦᠷᠢᠶᠡᠯᠡᠩ ᠢᠶᠠᠷ ᠵᠤᠭᠠᠴᠠᠶ᠎ᠠ︾ ᠬᠡᠬᠦ ᠪᠠᠷ ᠭᠤᠣᠯ ᠰᠡᠳᠦᠪ ᠪᠣᠯᠭᠠᠵᠤ᠂ ᠳᠤᠭᠤᠢ ᠤᠨᠤᠬᠤ ᠤᠷᠤᠯᠳᠤᠭᠠᠨ ᠤ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠳᠡᠯᠭᠡᠨ ᠦᠵᠡᠭᠦᠯᠬᠦ ᠪᠠ ᠡᠷᠡᠭᠦᠯ ᠰᠠᠷᠠᠭᠤᠯ ᠪᠣᠬᠢᠷᠲᠤᠯ ᠦᠭᠡᠢ ᠳᠤᠭᠤᠢ ᠤᠨᠤᠬᠤ ᠤᠷᠤᠯᠳᠤᠭᠠᠨ ᠢ ᠠᠭᠤᠰᠤᠯᠴᠠᠭᠤᠯᠪᠡ᠃ ᠤᠷᠤᠯᠳᠤᠭᠠᠨ ᠳᠤ ᠣᠷᠣᠯᠴᠠᠭᠰᠠᠳ ᠦᠵᠦᠮ ᠤᠨ ᠬᠦᠷᠢᠶᠡᠯᠡᠩ ᠤᠨ ᠨᠣᠭᠤᠭᠠᠨ ᠵᠠᠮ ᠤᠨ ᠠᠭᠤᠳᠠᠮ ᠲᠠᠯᠠᠪᠠᠢ ᠪᠠᠷ ᠡᠬᠢᠯᠡᠯᠲᠡ ᠶᠢᠨ ᠴᠢᠭ ᠪᠣᠯᠭᠠᠵᠤ᠂ ᠿᠣ᠋ ᠢ ᠨᠠᠭᠤᠷ ᠤᠨ ᠦᠷᠳᠡᠭᠡ᠂ ᠶᠦᠨ ᠰᠢᠶᠠᠩ ᠵᠢᠵᠢᠭ ᠪᠠᠯᠭᠠᠰᠤ᠂ ᠲᠢᠶᠠᠨ ᠶᠧ ᠠᠮᠢ ᠠᠬᠤᠢ ᠶᠢᠨ ᠵᠢᠮᠢᠰ ᠲᠡᠬᠦᠬᠦ ᠬᠦᠷᠢᠶᠡᠯᠡᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠢ ᠰᠢᠭᠤᠢ ᠶᠢᠨ ᠦᠷᠳᠡᠭᠡ ᠪᠠᠷ ᠥᠩᠭᠡᠷᠡᠵᠦ᠂ ᠬᠠᠮᠤᠭ ᠡᠴᠦᠰ ᠲᠡᠭᠡᠨ ᠦᠵᠦᠮ ᠤᠨ ᠬᠦᠷᠢᠶᠡᠯᠡᠩ ᠤᠨ ᠨᠣᠭᠤᠭᠠᠨ ᠵᠠᠮ ᠤᠨ ᠠᠭᠤᠳᠠᠮ ᠲᠠᠯᠠᠪᠠᠢ ᠳᠤ ᠪᠤᠴᠠᠵᠦ᠂ ᠪᠦᠬᠦ ᠶᠠᠪᠤᠴᠠ ᠨᠢ ᠪᠠᠷᠤᠭ 17 ᠺᠢᠯᠤᠮᠧᠲᠷ ᠲᠤ ᠬᠦᠷᠴᠡᠢ᠃      ᠲᠤᠭᠤᠢ ᠤᠨᠤᠭᠰᠠᠨ ᠲᠠᠮᠢᠷᠴᠢᠳ ᠡᠷᠡᠯᠭᠡᠭᠯᠡᠨ ᠤᠷᠤᠭᠰᠢᠯᠠᠵᠤ᠂ ᠬᠠᠷᠢᠯᠴᠠᠨ ᠦᠷᠢᠰᠦᠯᠳᠦᠵᠦ᠂ ᠲᠠᠷᠢᠬᠦᠨ ᠳᠤ ᠤᠷᠣᠬᠤ ᠪᠠᠷ ᠴᠢᠷᠮᠠᠶᠢᠪᠠ ᠁ ᠲᠡᠳᠡ ᠬᠤᠷᠳᠤᠴᠠ ᠪᠣᠯᠣᠨ ᠣᠷᠭᠢᠯᠤᠮ᠎ᠠ ᠰᠡᠳᠬᠢᠯᠭᠡ ᠪᠠᠷ ᠣᠷᠣᠭᠰᠢᠯᠠᠨ ᠥᠷᠢᠰᠦᠯᠳᠦᠵᠦ᠂ ᠬᠦᠴᠦ ᠬᠥᠯᠥᠰᠦ ᠪᠠᠷ ᠢᠶᠠᠨ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠶᠢᠨ ᠬᠠᠮᠲᠤ ᠦᠵᠦᠮ ᠤᠨ ᠬᠦᠷᠢᠶᠡᠯᠡᠩ ᠤᠨ ᠨᠣᠭᠤᠭᠠᠨ ᠵᠠᠮ ᠤᠨ ᠵᠠᠮ ᠳᠠᠭᠠᠤ ᠶᠢᠨ ᠭᠤᠶᠤ ᠰᠠᠶᠢᠬᠠᠨ ᠦᠵᠡᠮᠵᠢ ᠶᠢ ᠡᠳ᠋ᠯᠡᠵᠦ᠂ ᠰᠢᠨ᠎ᠡ ᠰᠣᠷᠭᠤᠭ ᠠᠭᠤᠷ ᠠᠮᠢᠰᠬᠤᠯ ᠢ ᠠᠭᠤᠵᠢᠷᠠᠲᠠᠯ᠎ᠠ ᠠᠮᠢᠰᠬᠤᠵᠤ᠂ ᠮᠠᠨ ᠤ ᠬᠤᠳᠠ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠣᠶᠢᠯᠠᠭᠠᠪᠠ᠃      ᠲᠤᠰ ᠣᠳᠠᠭᠠᠨ ᠤ ᠤᠷᠤᠯᠳᠤᠭᠠᠨ ᠳᠤ ᠣᠷᠣᠯᠴᠠᠵᠤ ᠲᠠᠮᠢᠷ ᠤᠨ ᠬᠥᠳᠡᠯᠭᠡᠭᠡᠨ ᠤ ᠪᠠᠶᠠᠷ ᠪᠠᠶᠠᠰᠤᠯ ᠢ ᠡᠳ᠋ᠯᠡᠯ᠎ᠡ ᠭᠡᠵᠦ ᠲᠠᠮᠢᠷᠴᠢᠳ ᠢᠯᠡᠳᠬᠡᠵᠡᠭᠡᠪᠡ᠃ ︽ᠥᠨᠥᠳᠥᠷ ᠤᠨ ᠳᠤᠭᠤᠢ ᠤᠨᠤᠬᠤ ᠵᠠᠮ ᠱᠤᠭᠤᠮ ᠢ ᠮᠠᠰᠢ ᠰᠠᠶᠢᠬᠠᠨ ᠲᠣᠬᠢᠷᠠᠭᠤᠯᠵᠠᠢ᠂ ᠳᠤᠭᠤᠢ ᠤᠨᠤᠬᠤ ᠵᠠᠮ ᠳᠠᠭᠠᠨ ᠪᠢᠳᠡ ᠮᠠᠰᠢ ᠣᠯᠠᠨ ᠭᠤᠶᠣ ᠰᠠᠶᠢᠬᠠᠨ ᠦᠵᠡᠮᠵᠢ ᠶᠢ ᠣᠯᠵᠤ ᠬᠠᠷᠠᠵᠠᠢ᠂ ᠡᠨᠡ ᠨᠢ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠰᠡᠳᠬᠢᠯ ᠰᠠᠨᠠᠭ᠎ᠠ ᠪᠠᠨ ᠪᠠᠶᠠᠰᠬᠠᠵᠠᠢ᠂ ᠬᠤᠶᠢᠰᠢᠳᠠ ᠪᠢ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠳᠤ ᠦᠷᠬᠦᠯᠵᠢᠯᠠᠨ ᠢᠳᠡᠪᠬᠢᠲᠡᠢ ᠣᠷᠣᠯᠴᠠᠵᠤ᠂ ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠬᠠᠪᠤ ᠴᠡᠩᠭᠡᠯ ᠢ ᠡᠳ᠋ᠯᠡᠨ᠎ᠡ︾ ᠭᠡᠵᠦ ᠤᠷᠤᠯᠳᠤᠭᠠᠨ ᠳᠤ ᠣᠷᠣᠯᠴᠠᠭᠴᠢ ᠯᠢ ᠨᠠ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号