9 ᠰᠠᠷ᠎ᠠ ᠶᠢᠨ 1 ᠤ ᠡᠳᠦᠷ᠂ ᠮᠠᠨ ᠤ ᠬᠤᠳᠠ ︽ᠦᠬᠠᠢ ᠬᠤᠳᠠ ᠶᠢᠨ ᠵᠠᠳᠠᠷᠠᠵᠤ ᠪᠣᠯᠬᠤ ᠮᠠᠲ᠋ᠧᠷᠢᠶᠠᠯ ᠤᠨ | ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠦᠷᠢᠮ︾ ︵ᠳᠣᠷᠣᠭᠰᠢ ︽ᠳᠦᠷᠢᠮ︾ ᠭᠡᠵᠦ ᠳᠥᠭᠦᠮᠴᠢᠯᠡᠨ᠎ᠡ︶ ᠤᠨ | ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠳᠦᠷᠢᠮ︾ ᠳᠤ ᠲᠠᠶᠢᠯᠤᠮᠵᠢ | ᠬᠢᠵᠦ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠭᠤᠣᠯ ᠬᠠᠷᠢᠭᠤᠴᠠᠯᠭᠠᠲᠠᠨ | ︽ᠳᠦᠷᠢᠮ︾ ᠢ ᠰᠠᠶᠢᠲᠤᠷ ᠲᠤᠤᠱᠯᠠᠭᠤᠯᠤᠨ ᠬᠡᠷᠡᠭᠵᠢᠭᠦᠯᠬᠦ ᠲᠤᠬᠠᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠡ᠃ | ︽ᠦᠬᠠᠢ ᠬᠤᠲᠠ ᠶᠢᠨ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ | ᠳᠦᠷᠢᠮ︾ ᠢ ᠡᠨᠡ ᠵᠢᠯ ᠤᠨ 9 ᠰᠠᠷ᠎ᠠ ᠶᠢᠨ 1 ᠤ ᠡᠳᠦᠷ ᠠᠴᠠ ᠡᠬᠢᠯᠡᠵᠦ ᠵᠢᠩᠬᠢᠨᠢ ᠪᠠᠷ ᠬᠡᠷᠡᠭᠵᠢᠭᠦᠯᠦᠨ᠎ᠡ᠃ | ︽ᠳᠦᠷᠢᠮ︾ ᠤᠨ ᠪᠥᠬᠦ ᠠᠭᠤᠯᠭ᠎ᠠ ᠨᠢ ᠨᠡᠶᠢᠲᠡ 19 ᠵᠤᠷᠪᠤᠰ ᠪᠠᠶᠢᠵᠤ᠂ ᠮᠠᠨ ᠤ ᠬᠤᠲᠠ ᠶᠢᠨ ᠨᠡᠭᠦᠷᠡᠰᠦ ᠪᠠᠷ | ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤ ᠮᠠᠲ᠋ᠧᠷᠢᠶᠠᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠪᠣᠳᠠᠲᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠰᠢ ᠣᠯᠠᠨ ᠬᠠᠨᠳᠤᠯᠭᠠᠲᠤ ᠴᠢᠨᠠᠷᠲᠠᠢ᠂ | ᠬᠡᠷᠡᠭᠯᠡᠭᠡᠨ ᠤ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠳᠦᠷᠢᠮ ᠠᠷᠭ᠎ᠠ ᠬᠡᠮᠵᠢᠶ᠎ᠡ ᠶᠢ ᠲᠣᠭᠲᠠᠭᠠᠵᠠᠢ᠂ | ᠡᠨᠡ ᠪᠣᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠣᠷᠣᠨ | ᠨᠤᠲᠤᠭ ᠤᠨ ᠬᠠᠤᠯᠢ ᠲᠣᠭᠲᠠᠭᠠᠯᠲᠠ ᠪᠠᠷ ᠳᠠᠮᠵᠢᠭᠤᠯᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢᠭᠡ ᠤᠳᠠᠭᠠᠨ ᠤ ᠠᠰᠢᠭᠲᠠᠢ ᠰᠦᠪᠡᠭᠴᠢᠯᠡᠯᠲᠡ ᠮᠥᠨ᠃ | ᠲᠣᠰ ︽ᠳᠦᠷᠢᠮ︾ ᠢ ᠨᠡᠶᠢᠲᠡᠯᠡᠭᠰᠡᠨ ᠨᠢ ᠮᠠᠨ ᠤ ᠬᠤᠲᠠ ᠶᠢᠨ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ | ᠥᠨᠳᠥᠷ ᠪᠦᠲᠦᠮᠵᠢᠲᠡᠶ ᠪᠠᠷ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠤᠯᠤᠰ ᠲᠤ ᠨᠥᠯᠥᠭᠡᠯᠡᠬᠦ ᠬᠦᠴᠦᠨ ᠲᠠᠢ | ᠤᠯᠤᠰ ᠤᠨ ᠲᠠᠰ ᠤᠨ ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤ ᠮᠠᠲ᠋ᠧᠷᠢᠶᠠᠯ ᠤᠨ | ᠰᠠᠭᠤᠷᠢᠨ ᠭᠠᠵᠠᠷ ᠢ ᠪᠠᠶᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ |