ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠠᠵᠤ ᠦᠢᠯᠡᠰ ᠤᠨ ᠦᠵᠡᠰᠭᠦᠯᠡᠩ ᠡᠭᠢᠯᠡᠪᠡ
ᠨᠡᠶᠢᠲᠡᠯᠡᠭᠰᠡᠨ ᠴᠠᠭ᠄
2023/9/4
     9 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠤᠭᠠᠴᠠᠯ ᠤᠨ ᠠᠵᠤ ᠦᠢᠯᠡᠰ ᠤᠨ ᠦᠵᠡᠰᠬᠦᠯᠡᠩ ︵ᠳᠣᠷᠣᠭᠰᠢ ︽ᠵᠢᠭᠤᠯᠴᠢᠯᠠᠯ ᠤᠨ ᠦᠵᠡᠰᠬᠦᠯᠡᠩ︾ ᠭᠡᠵᠦ ᠳᠥᠭᠦᠮᠴᠢᠯᠡᠨ᠎ᠡ︶ ᠤᠯᠤᠰ ᠤᠨ ᠦᠵᠡᠰᠬᠦᠯᠡᠩ ᠤᠨ ᠲᠥᠪ ︵ᠲᠢᠶᠠᠨᠵᠢᠨ︶ ᠲᠤ ᠶᠠᠪᠤᠭᠳᠠᠵᠤ᠂ 30 ᠭᠠᠷᠤᠢ ᠲᠦᠷᠦᠯ ᠤᠨ ᠰᠣᠶᠣᠯ ᠵᠢᠭᠤᠯᠴᠢᠯᠠᠯ ᠤᠨ ᠲᠠᠸᠠᠷ᠂ ᠣᠷᠣᠨ ᠪᠦᠰᠡ ᠶᠢᠨ ᠣᠨᠴᠠ ᠭᠠᠷᠤᠯᠲᠠ ᠶᠢ ᠥᠪᠥᠷ ᠮᠣᠩᠭᠤᠯ ᠤᠨ ᠦᠵᠡᠰᠬᠦᠯᠡᠩ ᠤᠨ ᠲᠣᠭᠤᠷᠢᠭ ᠲᠤ ᠳᠡᠯᠭᠡᠨ ᠦᠵᠡᠭᠦᠯᠵᠦ᠂ 13 ᠲᠦᠮᠡ ᠰᠢᠬᠠᠮ ᠬᠥᠮᠥᠨ ᠤᠳᠠᠭ᠎ᠠ ᠦᠵᠡᠰᠬᠦᠯᠡᠩ ᠢ ᠰᠣᠨᠢᠷᠬᠠᠵᠤ᠂ ᠥᠪᠥᠷ ᠮᠣᠩᠭᠤᠯ ᠤᠨ ᠦᠵᠡᠰᠬᠦᠯᠡᠩ ᠳᠤ ᠣᠷᠣᠯᠴᠠᠭᠰᠠᠨ 27 ᠬᠤᠳᠠᠯᠳᠤᠭᠠᠴᠢᠨ ᠳᠤ 186 ᠲᠦᠮᠡᠨ ᠲᠥᠭᠦᠷᠢᠭ ᠤᠨ ᠬᠠᠮᠲᠤᠷᠠᠯᠴᠠᠭᠠᠨ ᠤ ᠵᠠᠬᠢᠶᠠᠯᠠᠭ᠎ᠠ ᠶᠢᠨ ᠬᠠᠭᠤᠳᠠᠰᠤ ᠶᠢ ᠠᠪᠴᠢᠷᠠᠭᠰᠠᠨ ᠪᠠᠶᠢᠨ᠎ᠠ᠃       ᠲᠣᠰ ᠬᠤᠭᠤᠴᠠᠭᠠᠨ ᠤ ᠵᠢᠭᠤᠯᠴᠢᠯᠠᠯ ᠤᠨ ᠦᠵᠡᠰᠬᠦᠯᠡᠩ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠥᠪᠥᠷ ᠮᠣᠩᠭᠤᠯ ᠤᠨ ᠦᠵᠡᠭᠦᠯᠦᠯᠭᠡ ᠶᠢᠨ ᠬᠡᠰᠡᠭ ᠢ ᠮᠠᠨ ᠤ ᠬᠤᠲᠠ ᠳᠤ ᠲᠠᠭᠠᠭᠠᠴᠢᠯᠠᠭᠤᠯᠪᠠ᠃ 4 ᠰᠠᠷ᠎ᠠ ᠰᠢᠬᠠᠮ ᠤᠨ ᠪᠠᠴᠢᠮ ᠪᠡᠯᠡᠳᠬᠡᠯ ᠢᠶᠠᠷ ᠳᠡᠮᠵᠢᠨ᠂ ᠮᠠᠨ ᠤ ᠬᠤᠲᠠ ᠶᠢᠨ ᠦᠵᠡᠰᠬᠦᠯᠡᠩ ᠳᠤ ᠣᠷᠣᠯᠴᠠᠭᠰᠠᠨ 21 ᠬᠤᠳᠠᠯᠳᠤᠭᠠᠴᠢᠨ 300 ᠭᠠᠷᠤᠢ ︵ᠢᠵᠢ︶ ᠦᠬᠠᠢ ᠶᠢᠨ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠯ ᠢ ᠵᠢᠭᠤᠯᠴᠢᠯᠠᠯ ᠤᠨ ᠦᠵᠡᠰᠬᠦᠯᠡᠩ ᠳᠤ ᠠᠪᠴᠢᠷᠠᠵᠦ᠂ ᠡᠭᠦᠨ ᠳᠤ ᠬᠠᠲᠤᠨ ᠭᠤᠣᠯ ᠤᠨ ᠰᠣᠶᠣᠯ ᠢᠶᠠᠷ ᠣᠩᠭᠤᠳ ᠪᠣᠯᠭᠠᠭᠰᠠᠨ ᠬᠠᠲᠤᠨ ᠭᠤᠣᠯ ᠤᠨ ᠴᠢᠯᠠᠭᠤᠨ ᠵᠢᠷᠤᠭ᠂ ᠬᠠᠲᠤᠨ ᠭᠤᠣᠯ ᠤᠨ ᠰᠢᠪᠠᠷ ᠬᠡᠦᠬᠡᠯᠳᠡᠢ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ·ᠦᠬᠠᠢ︾ ᠪᠠᠷ ᠭᠤᠣᠯ ᠰᠡᠳᠦᠪ ᠪᠣᠯᠭᠠᠭᠰᠠᠨ ᠪᠢᠴᠢᠯᠭᠡ ᠵᠢᠷᠤᠭ ᠤᠨ ᠪᠦᠲᠦᠭᠡᠯ᠂ ︽ᠦᠬᠠᠢ · ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ︾ ᠢᠶᠠᠷ ᠳᠦᠷᠰᠦ ᠪᠤᠯᠭᠠᠭᠰᠠᠨ ᠡᠬᠡᠰᠢᠭᠯᠡᠬᠦᠷ᠂ ︽ᠨᠡᠷᠡᠨ ᠰᠠᠬᠢᠭᠤᠯᠰᠤᠨ︾ ᠣᠷᠠᠨᠳᠦ᠋ᠰᠢ ᠠᠭᠤᠯᠠ ᠶᠢᠨ ᠬᠠᠲᠠᠨ ᠵᠢᠷᠤᠭ ᠤᠨ ᠡᠯᠧᠮᠧᠨ᠋ᠲ ᠢᠶᠠᠷ ᠦᠢᠯᠡᠳᠦᠭᠰᠡᠨ ᠴᠠᠢ ᠶᠢᠨ ᠬᠡᠷᠡᠭᠰᠡᠯ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢᠶᠠᠷ ᠭᠤᠣᠯ ᠰᠡᠳᠦᠪ ᠪᠣᠯᠭᠠᠭᠰᠠᠨ ᠲᠠᠮᠠᠭ᠎ᠠ ᠵᠢᠷᠤᠭ ᠵᠡᠷᠭᠡ ᠪᠠᠭᠲᠠᠨ᠎ᠠ᠃      ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ᠂ ᠦᠬᠠᠢ ᠶᠢᠨ ᠤᠯᠠᠭᠠᠨᠮᠥ᠋ᠴᠢᠷ ᠤᠨ  ᠬᠢᠨ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠳᠠᠭᠤᠤ ︽ᠬᠤᠨ ᠭᠠᠯᠠᠭᠤ︾᠂ ᠪᠥᠵᠢᠭ ︽ᠡᠯᠡᠰᠦᠨ ᠴᠦᠯ ᠳᠠᠬᠢ ᠪᠠᠷᠢᠯᠳᠤᠯᠭ᠎ᠠ︾᠂ ᠮᠣᠷᠢᠨ ᠬᠤᠭᠤᠷ ᠤᠨ ᠲᠣᠭᠯᠠᠯᠲᠠ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠠᠪᠴᠢᠷᠠᠵᠤ᠂ ︽ᠡᠯᠡᠰᠦᠨ ᠮᠠᠩᠬᠠᠨ ᠳᠠᠬᠢ ᠠᠭᠤᠯᠠᠨ ᠬᠤᠳᠠ︾ ᠶᠢᠨ ᠥᠪᠡᠷᠮᠢᠴᠡ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃ ︽ᠵᠢᠭᠤᠯᠴᠢᠯᠠᠯ ᠤᠨ ᠦᠵᠡᠰᠬᠦᠯᠡᠩ ᠳᠤ᠂ ᠪᠢ ᠥᠪᠥᠷ ᠮᠣᠩᠭᠤᠯ ᠤᠨ ᠤᠷᠠᠨ ᠰᠠᠶᠢᠬᠠᠨ ᠤ ᠲᠣᠭᠯᠠᠯᠲᠠ ᠶᠢ ᠣᠯᠵᠤ ᠬᠠᠷᠠᠪᠠ᠂ ᠮᠠᠰᠢ ᠭᠤᠶᠢᠳᠠ ᠰᠠᠶᠢᠬᠠᠨ︕ ᠳᠠᠭᠤᠤ ᠬᠥᠭᠵᠢᠮ ᠰᠣᠨᠣᠰᠪᠤᠷᠢᠲᠠᠢ᠂ ᠪᠥᠵᠢᠭ ᠰᠠᠶᠢᠬᠠᠨ ᠪᠠᠶᠢᠨ᠎ᠠ᠂ ᠵᠠᠪᠰᠢᠶᠠᠨ ᠲᠣᠬᠢᠶᠠᠯᠳᠤᠪᠠᠯ ᠪᠢᠳᠡ ᠪᠦᠬᠦ ᠭᠡᠷ ᠢᠶᠠᠷ ᠢᠶᠠᠨ ᠥᠪᠥᠷ ᠮᠣᠩᠭᠤᠯ ᠳᠤ ᠵᠤᠭᠠᠴᠠᠬᠤ ᠪᠠᠷ ᠶᠠᠪᠤᠨ᠎ᠠ︾ ᠭᠡᠵᠦ ᠬᠤᠪᠧᠢ ᠮᠤᠵᠢ ᠠᠴᠠ ᠢᠷᠡᠭᠰᠡᠨ ᠯᠢ ᠹᠦ᠋ ᠿᠦᠩ ᠬᠡᠯᠡᠪᠡ᠃      ᠴᠢᠨᠠᠷ ᠰᠠᠶᠢᠲᠠᠢ᠂ ᠪᠠᠶᠠᠯᠢᠭ ᠰᠠᠶᠢᠬᠠᠨ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ᠂ ᠤᠳᠬ᠎ᠠ ᠤᠷᠠᠯᠢᠭ ᠤᠨ ᠪᠦᠲᠦᠭᠡᠯ ᠨᠢ ᠮᠠᠨ ᠤ ᠬᠤᠳᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠷᠨᠢᠩᠭᠦᠢ ᠬᠥᠭᠵᠢᠯᠲᠡ ᠶᠢ ᠬᠠᠷᠠᠭᠤᠯᠵᠤ᠂ ᠳᠡᠯᠡᠬᠡᠢ ᠶᠢᠨ ᠡᠯ᠎ᠡ ᠭᠠᠵᠠᠷ ᠠᠴᠠ ᠢᠷᠡᠭᠰᠡᠨ ᠦᠵᠡᠰᠬᠦᠯᠡᠩ ᠳᠤ ᠣᠷᠣᠯᠴᠠᠭᠰᠠᠨ ᠨᠢᠭᠡᠴᠡ᠂ ᠲᠣᠭᠤᠷᠢᠨ ᠦᠵᠡᠭᠴᠢᠳ ᠲᠤ ︽ᠬᠠᠳᠤᠨ ᠭᠤᠣᠯ ᠤᠨ ᠬᠡᠷᠡᠯᠳᠦ ᠰᠤᠪᠤᠳ︾ ︽ᠤᠷᠠᠨ ᠪᠢᠴᠢᠯᠭᠡ ᠶᠢᠨ ᠬᠤᠳᠠ︾ ︽ᠬᠠᠷ᠎ᠠ ᠠᠯᠳᠠᠨ ᠲᠠᠯᠠᠢ︾ ︽ᠡᠯᠡᠰᠦᠨ ᠴᠦᠯ ᠤᠨ ᠨᠣᠭᠤᠭᠠᠨ ᠪᠦᠷᠢᠳᠦ︾ ︽ᠦᠵᠦᠮ ᠤᠨ ᠨᠤᠲᠤᠭ︾ ︽ᠴᠢᠯᠠᠭᠤ ᠰᠤᠨᠢᠷᠬᠠᠬᠤ ᠬᠤᠳᠠ︾ ᠵᠡᠷᠭᠡ ᠵᠢᠷᠭᠤᠭᠠᠨ ᠠᠯᠳᠠᠨ ᠨᠡᠷᠡᠰ ᠤᠨ ᠬᠠᠭᠤᠳᠠᠰᠤ ᠶᠢ ᠲᠡᠯᠭᠡᠨ ᠦᠵᠡᠬᠦᠯᠪᠡ᠃      ᠲᠤᠰ ᠬᠤᠭᠤᠴᠠᠭᠠᠨ ᠤ ᠵᠢᠭᠤᠯᠴᠢᠯᠠᠯ ᠤᠨ ᠦᠵᠡᠰᠬᠦᠯᠡᠩ ᠤᠨ ᠲᠠᠯᠠᠪᠠᠢ 12 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠵᠤ᠂ 8 ᠦᠵᠡᠰᠬᠦᠯᠡᠩ ᠤᠨ ᠣᠷᠳᠣᠨ᠂ 7 ᠲᠣᠮᠣ ᠦᠵᠡᠰᠬᠦᠯᠡᠩ ᠤᠨ ᠲᠣᠭᠤᠷᠢᠭ ᠲᠠᠢ᠂ ᠨᠡᠶᠢᠲᠡ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠪᠣᠯᠣᠨ 2000 ᠭᠠᠷᠤᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠤ᠂ ᠥᠩᠭᠡᠷᠡᠭᠰᠡᠨ ᠬᠤᠭᠤᠴᠠᠭᠠᠨ ᠤ ᠵᠢᠭᠤᠯᠴᠢᠯᠠᠯ ᠤᠨ ᠦᠵᠡᠰᠬᠦᠯᠡᠩ ᠤᠨ ᠬᠡᠪᠴᠢᠶ᠎ᠡ ᠪᠠᠷ ᠬᠠᠮᠤᠭ ᠤᠨ ᠶᠡᠭᠡ ᠨᠢ ᠪᠣᠯᠪᠠ᠃      ᠵᠢᠭᠤᠯᠴᠢᠯᠠᠯ ᠤᠨ ᠦᠵᠡᠰᠬᠦᠯᠡᠩ ᠤᠨ ᠡᠨᠡ ᠬᠦ ᠲᠠᠪᠴᠠᠩ ᠳᠤ ᠲᠦᠰᠢᠭᠯᠡᠨ᠂ 9 ᠰᠠᠷ᠎ᠠ ᠶᠢᠨ 2 ᠤᠨ ᠦᠳᠡ ᠶᠢᠨ ᠬᠤᠶᠢᠨ᠎ᠠ᠂ 2023 ︽ᠦᠬᠠᠢ ᠶᠢᠨ ᠰᠣᠶᠣᠯ ᠵᠢᠭᠤᠯᠴᠢᠯᠠᠯ ᠤᠨ ᠲᠦᠮᠡᠨ ᠭᠠᠵᠠᠷ ᠤᠨ ᠠᠶᠠᠯᠠᠯ︾ ᠲᠢᠶᠠᠨᠵᠢᠨ ᠳᠤ ᠬᠤᠳᠠᠯᠳᠣᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠬᠢᠵᠦ᠂ ᠦᠬᠠᠢ ᠶᠢᠨ ᠰᠣᠶᠣᠯ ᠵᠢᠭᠤᠯᠴᠢᠯᠠᠯ ᠤᠨ ᠪᠦᠯᠦᠭᠯᠡᠯ᠂ ᠥᠪᠥᠷ ᠮᠣᠩᠭᠤᠯ ᠤᠨ ᠰᠢᠨ ᠱᠢ ᠵᠢᠢ ᠺᠠᠩ ᠾᠦᠢ ᠶᠢᠨ ᠦᠬᠠᠢ ᠳᠠᠬᠢ ᠤᠯᠠᠨ ᠤᠯᠤᠰ ᠤᠨ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠲᠤᠰ ᠲᠤᠰ ᠮᠠᠨ ᠤ ᠬᠤᠳᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠪᠣᠯᠣᠨ ᠰᠣᠳᠣᠨ ᠵᠢᠭᠤᠯᠴᠢᠯᠠᠯ ᠤᠨ ᠱᠤᠭᠤᠮ ᠳᠤ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠵᠦ᠂ ᠳᠡᠯᠡᠬᠡᠢ ᠶᠢᠨ ᠡᠯ᠎ᠡ ᠭᠠᠵᠠᠷ ᠠᠴᠠ ᠢᠷᠡᠭᠰᠡᠨ ᠠᠵᠤ ᠠᠬᠤᠶᠢᠯᠠᠯᠲᠠᠨ ᠢ ᠤᠷᠢᠵᠤ ᠦᠬᠠᠢ ᠳᠤ ᠪᠡᠯᠡ ᠣᠷᠣᠭᠤᠯᠤᠨ ᠦᠢᠯᠡᠰ ᠪᠣᠰᠬᠠᠵᠤ᠂ ᠥᠷᠭᠡᠨ ᠤᠯᠠᠨ ᠵᠤᠭᠠᠴᠠᠭᠰᠠᠳ ᠢ ᠦᠬᠠᠢ ᠳᠤ ᠵᠤᠭᠠᠴᠠᠭᠤᠯᠬᠤ ᠪᠠᠷ ᠤᠷᠢᠪᠠ᠃      ︽ᠲᠤᠰ ᠬᠤᠭᠤᠴᠠᠭᠠᠨ ᠤ ᠵᠢᠭᠤᠯᠴᠢᠯᠠᠯ ᠤᠨ ᠦᠵᠡᠰᠬᠦᠯᠡᠩ ᠳᠤ ᠦᠬᠠᠢ ᠨᠠᠭᠤᠷ ᠤᠨ ᠰᠡᠯᠡᠭᠦᠴᠡᠯ ᠵᠢᠭᠤᠯᠴᠢᠯᠠᠯ ᠤᠨ ᠣᠷᠣᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠥᠭᠡᠷᠡᠴᠢᠯᠡᠯᠲᠡ ᠶᠢ ᠭᠤᠣᠯᠳᠠᠯᠭ᠎ᠠ ᠲᠠᠢ ᠲᠠᠨᠢᠯᠴᠠᠭᠤᠯᠵᠤ᠂ ᠦᠬᠠᠢ ᠶᠢᠨ ᠰᠠᠭᠤᠭᠳᠠᠯ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 2 ᠲᠦᠷᠦᠯ ᠵᠦᠢᠯ ᠢ ᠲᠠᠨᠢᠯᠴᠠᠭᠤᠯᠪᠠ᠂ ᠣᠳᠣᠬᠠᠨ ᠳᠤ ᠨᠢᠭᠡᠨᠲᠡ ᠨᠢᠭᠡ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠠᠴᠠ ᠪᠢᠳᠡᠨ ᠲᠠᠢ ᠬᠠᠮᠲᠤᠷᠠᠯᠴᠠᠭᠠᠨ ᠤ ᠰᠠᠨᠠᠮᠵᠢ ᠲᠠᠢ ᠪᠤᠯᠵᠦ᠂ ᠲᠦᠷᠦᠯ ᠵᠦᠢᠯ ᠦᠷᠭᠦᠯᠵᠢᠯᠡᠨ ᠶᠠᠪᠤᠭᠳᠠᠬᠤ ᠪᠤᠯᠤᠨ᠎ᠠ︾ ᠭᠡᠵᠦ ᠦᠬᠠᠢ ᠶᠢᠨ ᠰᠣᠶᠣᠯ ᠵᠢᠭᠤᠯᠴᠢᠯᠠᠯ ᠤᠨ ᠪᠦᠯᠦᠭᠯᠡᠯ ᠤᠨ ᠲᠥᠯᠦᠪᠵᠢᠭᠦᠯᠭᠡ ᠠᠭᠠᠷ ᠤᠨ ᠠᠶᠠᠯᠠᠯ ᠤᠨ ᠬᠥᠭᠵᠢᠯᠲᠡ ᠶᠢᠨ ᠬᠡᠯᠳᠡᠰ ᠤᠨ ᠲᠠᠷᠤᠭ᠎ᠠ ᠮᠠ ᠴᠦᠨ ᠿᠤ᠋ ᠲᠠᠨᠢᠯᠴᠠᠭᠤᠯᠪᠠ᠃      ︽ᠲᠤᠰ ᠬᠤᠭᠤᠴᠠᠭᠠᠨ ᠤ ᠵᠢᠭᠤᠯᠴᠢᠯᠠᠯ ᠤᠨ ᠦᠵᠡᠰᠬᠦᠯᠡᠩ ᠲᠡᠭᠦᠰ ᠠᠮᠵᠢᠯᠲᠠ ᠲᠠᠢ ᠥᠨᠳᠥᠷᠯᠡᠪᠡ᠂  ᠭᠡᠪᠡᠴᠦ ᠪᠢᠳᠡᠨ ᠤ ᠠᠯᠬᠤᠭ᠎ᠠ ᠵᠣᠭᠰᠣᠰᠢ ᠦᠭᠡᠢ ᠶᠤᠮ᠃ ᠵᠠᠯᠭᠠᠭᠠᠳ ᠪᠢᠳᠡ ᠦᠷᠭᠦᠯᠵᠢᠯᠡᠨ ᠭᠠᠳᠠᠭᠠᠳᠤ ᠲᠠᠢ ᠬᠤᠯᠪᠣᠭᠠᠯᠠᠵᠤ᠂ ᠰᠣᠯᠢᠯᠴᠠᠭ᠎ᠠ ᠰᠤᠷᠤᠯᠴᠠᠯᠭ᠎ᠠ ᠪᠠᠨ ᠥᠷᠭᠡᠳᠬᠡᠨ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ︿ᠦᠨ᠎ᠡ ᠴᠠᠨ᠎ᠠ﹀ ᠪᠠᠨ ᠳᠡᠭᠡᠭᠰᠢᠯᠡᠭᠦᠯᠵᠦ᠂ ᠦᠬᠠᠢ ᠶᠢ ᠨᠠᠩ ᠣᠯᠠᠨ ᠵᠤᠭᠠᠴᠠᠭᠰᠠᠳ ᠤᠨ ᠵᠣᠷᠴᠢᠬᠤ ᠭᠠᠵᠠᠷ ᠪᠣᠯᠭᠠᠬᠤ ᠶᠢ ᠠᠬᠢᠭᠤᠯᠤᠨ᠎ᠠ︾ ᠭᠡᠵᠦ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠳᠡᠳ᠋ ᠳᠠᠷᠤᠭ᠎ᠠ ᠺᠠᠩ ᠵᠢᠩ ᠬᠡᠯᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号