ᠪᠦᠬᠦ ᠬᠤᠳᠠ ᠶᠢᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/5
     9 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠪᠥᠬᠦ ᠬᠤᠲᠠ ᠶᠢᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠥᠬᠦ ᠤᠯᠤᠰ᠂ ᠪᠥᠬᠦ ᠣᠷᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠬᠤᠲᠠ ᠶᠢᠨ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠬᠤ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠤᠳᠤᠷᠢᠳᠤᠯᠭ᠎ᠠ ᠰᠦᠨ ᠬᠤᠸ᠂ ᠯᠢ ᠴᠦᠨ ᠰᠢᠶᠣᠣ᠂ ᠯᠢ ᠳ᠋ᠦᠩ᠂ ᠮᠧᠩ ᠫᠧᠢ ᠶᠦᠨ ᠬᠤᠷᠠᠯ ᠳᠤ ᠣᠷᠣᠯᠴᠠᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠠᠩ ᠬᠤᠷᠠᠯ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃      ᠲᠠᠩ ᠢ ᠬᠡᠯᠡᠭᠰᠡᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠨᠠᠮ ᠪᠣᠯᠣᠨ ᠤᠯᠤᠰ ᠤᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠥᠨᠳᠥᠷᠴᠡ ᠠᠴᠠ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠢ ᠮᠠᠨᠳᠤᠭᠤᠯᠵᠤ ᠨᠠᠮ ᠢ ᠬᠦᠴᠦᠷᠬᠡᠭᠵᠢᠭᠦᠯᠬᠦ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠡᠢ᠃ ᠪᠦᠬᠦ ᠤᠯᠤᠰ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠠᠴᠠ ︽ᠠᠷᠪᠠᠨ ᠭᠤᠷᠪᠠ ᠶᠢ ᠪᠠᠷᠢᠮᠲᠠᠯᠠᠬᠤ︾ ᠪᠠᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠲᠥᠪᠯᠡᠷᠡᠭᠦᠯᠦᠨ ᠬᠤᠷᠢᠶᠠᠩᠭᠤᠶᠢᠯᠠᠵᠤ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠵᠠᠷᠴᠢᠮ᠂ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ᠂ ᠦᠷᠳᠡᠭ ᠤᠨ ᠬᠥᠭᠡᠭᠡᠴᠡᠯᠳᠦᠯ᠂ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠪᠢᠳᠡ ᠡᠨᠡ ᠬᠦ ᠴᠢᠬᠤᠯᠠ ᠦᠵᠡᠯ ᠰᠠᠨᠠᠭᠠᠨ ᠤ ᠢᠯᠡ ᠲᠣᠳᠣ ᠤᠨᠤᠯ ᠤᠨ ᠠᠩᠬᠠᠨ ᠤ ᠡᠭᠦᠳᠦᠯᠲᠡ ᠶᠢᠨ ᠴᠢᠨᠠᠷ᠂ ᠰᠢᠰᠲ᠋ᠧᠮ ᠲᠠᠢ ᠰᠢᠨᠵᠢᠯᠡᠬᠦ ᠤᠬᠠᠭᠠᠨᠴᠢ ᠠᠷᠭ᠎ᠠ ᠶᠢᠨ ᠤᠨᠤᠯ᠂ ᠬᠦᠴᠦᠷᠬᠡᠭ ᠶᠡᠭᠡ ᠦᠢᠯᠡᠳᠦᠯᠭᠡ ᠶᠢᠨ ᠬᠥᠲᠥᠯᠥᠨ ᠳᠠᠭᠠᠭᠤᠯᠬᠤ ᠬᠦᠴᠦᠨ ᠢ ᠨᠢ ᠭᠦᠨᠵᠡᠭᠡᠢ ᠣᠶᠢᠯᠠᠭᠠᠵᠤ᠂ ᠵᠣᠬᠢᠶᠠᠨ ᠪᠠᠶᠢᠭᠤᠯᠬᠤ ᠠᠵᠢᠯ ᠢᠶᠠᠨ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠬᠤ ᠠᠵᠢᠯ ᠤᠨ ᠬᠦᠴᠦᠯᠡᠬᠦ‍ ᠴᠢᠭ  ᠢᠶᠠᠨ ᠣᠨᠣᠪᠴᠢᠲᠠᠶ ᠡᠷᠢᠵᠦ ᠣᠯᠬᠤ ᠬᠡᠷᠡᠭᠲᠡᠢ᠂ ᠰᠠᠨᠠᠭᠠᠴᠢᠯᠠᠭ᠎ᠠ ᠠᠴᠠ ᠪᠠᠨ ᠠᠵᠢᠯ ᠤᠨ ᠶᠡᠭᠡ ᠪᠠᠶᠢᠳᠠᠯ ᠳᠤᠮᠳᠠ ᠣᠷᠣᠨ ᠪᠠᠶᠢᠷᠢ ᠪᠠᠨ ᠣᠨᠣᠪᠴᠢᠲᠠᠶ ᠲᠣᠭᠲᠠᠭᠠᠵᠤ᠂ ᠢᠳᠡᠪᠬᠢᠲᠡᠢ ᠪᠠᠷ ᠠᠵᠢᠯᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠦᠢᠯᠡᠴᠢᠯᠡᠭᠡᠨ ᠤ ᠲᠥᠪ ᠤᠨ ᠠᠵᠢᠯ ᠢᠶᠠᠨ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠦᠴᠦᠨ ᠢᠶᠠᠨ ᠪᠠᠳᠠᠷᠠᠭᠤᠯᠵᠤ᠂ ᠮᠠᠨ ᠤ ᠬᠤᠲᠠ ᠶᠢᠨ ︽ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ︾  ᠶᠢᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠳᠡᠢ᠃ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠢᠶᠠᠨ ᠰᠢᠯᠢᠳᠡᠭ ᠬᠦᠴᠦᠷᠭᠡᠭ ᠢᠶᠠᠷ ᠲᠣᠬᠢᠷᠠᠭᠤᠯᠵᠦ᠂ ᠺᠠᠳ᠋ᠷ ᠤᠨ ᠡᠩᠨᠡᠭᠡ  ᠪᠠᠨ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠺᠠᠳ᠋ᠷ ᠤᠨ ᠡᠩᠨᠡᠭᠡ ᠶᠢᠨ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠨᠢ ᠨᠡᠩ ᠰᠠᠶᠢᠲᠤᠷ ᠬᠥᠭᠵᠢᠭᠡᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠪᠤᠷᠢ ᠪᠠᠨ ᠬᠦᠴᠦᠯᠡᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢᠶᠠᠨ ᠨᠢᠭᠲᠠ ᠴᠢᠩᠭ᠎ᠠ ᠪᠣᠯᠭᠠᠬᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠦᠢᠯᠡᠳᠦᠯ ᠢᠶᠠᠨ ᠪᠠᠳᠠᠷᠠᠭᠤᠯᠬᠤ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ  ᠪᠠᠨ ᠰᠠᠶᠢᠲᠤᠷ ᠠᠳᠬᠤᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠳᠠᠪᠰᠢᠵᠤ᠂ ᠪᠦᠬᠦ ᠲᠠᠯ᠎ᠠ ᠪᠠᠷ ᠰᠢᠯᠭᠠᠷᠠᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ ᠪᠦᠬᠦ ᠲᠠᠯ᠎ᠠ ᠪᠠᠷ ᠣᠷᠣᠭᠤᠯᠤᠨ ᠬᠥᠮᠥᠵᠢᠭᠦᠯᠵᠦ ᠰᠠᠶᠢᠲᠤᠷ ᠬᠡᠷᠡᠭᠯᠡᠵᠦ᠂ ᠨᠡᠩ ᠨᠡᠭᠡᠭᠡᠯᠲᠡᠲᠡᠢ ᠳᠣᠲᠣᠭᠠᠳᠤ ᠭᠠᠳᠠᠭᠠᠳᠤ ᠶᠢ ᠬᠤᠯᠪᠣᠭᠰᠠᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠪᠠᠶᠢᠷᠢᠰᠢᠯ ᠢ ᠲᠦᠷᠭᠡᠨ ᠪᠠᠶᠢᠭᠤᠯᠵᠤ᠂ ᠨᠡᠩ ᠪᠦᠲᠦᠮᠵᠢᠲᠡᠢ ᠴᠢᠳᠠᠪᠤᠷᠢᠲᠠᠨ ᠢ ᠣᠷᠣᠭᠤᠯᠤᠨ ᠬᠥᠮᠥᠵᠢᠭᠦᠯᠬᠦ ᠦᠯᠡᠳᠡᠭᠡᠨ ᠬᠡᠷᠡᠭᠯᠡᠬᠦ ᠰᠢᠰᠲ᠋ᠧᠮ ᠢ ᠪᠠᠶᠢᠭᠤᠯᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠤᠶᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠨᠠᠮ ᠤᠨ ᠭᠡᠰᠢᠭᠦᠨ ᠢ ᠬᠠᠮᠢᠶᠠᠷᠬᠤ᠂ ᠺᠠᠳ᠋ᠷ ᠢ ᠬᠠᠮᠢᠶᠠᠷᠬᠤ᠂ ᠴᠢᠳᠠᠪᠤᠷᠢᠲᠠᠨ ᠢ ᠬᠠᠮᠢᠶᠠᠷᠬᠤ ᠴᠢᠬᠤᠯᠠ ᠡᠭᠦᠷᠭᠡ ᠴᠢᠳᠠᠪᠬᠢᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠡᠷᠬᠡᠪᠰᠢ ᠲᠦᠷᠦᠭᠦᠯᠡᠨ ᠤᠯᠤᠰ ᠲᠦᠷᠦ ᠶᠢ ᠡᠷᠬᠢᠮᠯᠡᠬᠦ᠂ ᠲᠥᠪ ᠭᠤᠣᠯᠴᠢ ᠶᠢ ᠴᠢᠬᠤᠯᠠᠴᠢᠯᠠᠬᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠠᠶᠢᠨ ᠵᠢᠱᠢᠶᠡᠴᠢ ᠰᠠᠯᠠᠭ᠎ᠠ ᠮᠥᠴᠢᠷ ᠪᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠣᠯᠣᠨ ᠠᠷᠠᠳ ᠲᠦᠮᠡᠨ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠥᠬᠦ ᠬᠤᠲᠠ ᠶᠢᠨ ᠵᠣᠬᠢᠶᠠᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠡᠷᠦᠩᠬᠡᠶᠢᠯᠡᠭᠰᠡᠨ ᠲᠣᠭᠠᠴᠢᠯᠲᠠ ᠶᠢᠨ ᠲᠤᠰᠬᠠᠢ ᠰᠡᠳᠦᠪᠲᠦ ᠹᠢᠯᠢᠮ ᠢ ᠲᠥᠪᠯᠡᠷᠡᠭᠦᠯᠦᠨ ᠦᠵᠡᠪᠡ᠃ ᠤᠳᠠ ᠲᠣᠭᠤᠷᠢᠭ ᠤᠨ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠳᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ᠂ ᠬᠤᠳᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠨᠢ ᠸᠢᠳᠢᠤ᠋ ᠬᠡᠯᠪᠡᠷᠢ ᠪᠠᠷ ᠬᠤᠷᠠᠯᠳᠤᠵᠤ᠂ ᠡᠯ᠎ᠡ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号