ᠼᠦᠢ ᠵᠢᠩ ᠶᠢᠩ ᠰᠢᠨ᠎ᠡ ᠮᠠᠶ᠋ᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/9/5
     9 ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ᠂ ᠤᠳᠠ ᠲᠣᠭᠤᠷᠢᠭ ᠲᠤ ᠬᠦᠷᠴᠦ ᠰᠢᠨ᠎ᠡ ᠮᠠᠶ᠋ᠢᠭ ᠤᠨ ᠳᠡᠭᠡᠳᠦ ᠰᠤᠷᠭᠠᠭᠤᠯᠢ ᠳᠤ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯᠣᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃      ᠼᠦᠢ ᠵᠢᠩ ᠶᠢᠩ ᠨᠠᠷ ᠤᠷᠢᠳ ᠬᠤᠵᠢᠳ ᠬᠤᠳᠠ ᠶᠢᠨ ᠠᠷᠪᠠᠳᠤᠭᠠᠷ ᠳᠤᠮᠳᠠᠳᠤ ᠰᠤᠷᠭᠠᠭᠤᠯᠢ᠂ ᠵᠢᠷᠭᠤᠳᠤᠭᠠᠷ ᠳᠤᠮᠳᠠᠳᠤ ᠰᠤᠷᠭᠠᠭᠤᠯᠢ ᠪᠣᠯᠣᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠡᠪᠴᠢᠶ᠎ᠡ᠂ ᠵᠢᠭᠠᠨ ᠰᠤᠷᠭᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠪᠠᠭᠰᠢ ᠶᠢᠨ ᠬᠦᠴᠦᠨ ᠤ ᠲᠣᠬᠢᠷᠠᠭᠤᠯᠤᠯᠲᠠ᠂ ᠰᠢᠨ᠎ᠡ ᠮᠠᠶ᠋ᠢᠭ ᠤᠨ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠬᠢᠴᠠ ᠪᠣᠯᠣᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠼᠦᠢ ᠵᠢᠩ ᠶᠢᠩ ᠬᠡᠯᠡᠭᠰᠡᠨ ᠨᠢ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠶᠡᠭᠡ ᠪᠣᠳᠣᠯᠭ᠎ᠠ ᠮᠥᠨ᠂ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ ᠪᠠᠶᠢᠳᠠᠭ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠣᠰᠣ ᠮᠣᠷᠠᠯ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠵᠤ᠂ ︽ᠲᠠᠪᠤᠨ ᠬᠥᠮᠦᠵᠢᠯ︾ ᠢ ᠵᠡᠷᠭᠡ ᠪᠠᠷ ᠠᠳᠬᠤᠬᠤ ᠶᠢ ᠲᠦᠯᠬᠢᠨ ᠠᠬᠢᠭᠤᠯᠵᠤ᠂ ᠰᠤᠷᠤᠭᠴᠢᠳ ᠤᠨ ᠪᠦᠬᠦ ᠲᠠᠯ᠎ᠠ ᠪᠠᠷ ᠬᠥᠭᠵᠢᠬᠦ᠂ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠬᠡᠷᠡᠭᠲᠡᠢ᠃ ᠰᠢᠨ᠎ᠡ ᠮᠠᠶ᠋ᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠴᠢᠶᠡᠯ ᠰᠣᠩᠭᠤᠬᠤ ᠬᠠᠮᠲᠤᠷᠠᠯ ᠢᠶᠠᠨ ᠰᠢᠯᠢᠳᠡᠭᠵᠢᠭᠦᠯᠦᠨ᠂ ᠰᠣᠷᠣᠭᠴᠢ ᠶᠢᠨ ᠬᠢᠴᠢᠶᠡᠯ ᠰᠣᠩᠭᠤᠵᠤ ᠠᠩᠭᠢ ᠰᠢᠯᠵᠢᠬᠦ ᠵᠡᠷᠭᠡ ᠠᠵᠢᠯ ᠢᠶᠠᠨ ᠰᠠᠶᠢᠲᠤᠷ ᠠᠳᠬᠤᠵᠤ᠂ ᠰᠣᠷᠣᠭᠴᠢ ᠶᠢᠨ ᠬᠥᠭᠵᠢᠯᠲᠡ ᠶᠢᠨ ᠲᠥᠯᠦᠪᠵᠢᠭᠦᠯᠭᠡ᠂ ᠠᠮᠢᠳᠤᠷᠠᠯ ᠤᠨ ᠲᠥᠯᠦᠪᠵᠢᠭᠦᠯᠭᠡ ᠪᠠ ᠠᠵᠢᠯ ᠮᠡᠷᠭᠡᠵᠢᠯ ᠤᠨ ᠲᠥᠯᠦᠪᠵᠢᠭᠦᠯᠭᠡ ᠶᠢ ᠤᠶᠠᠯᠳᠤᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ᠂ ᠪᠡᠯᠡ ᠮᠥᠩᠭᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮᠵᠢ ᠪᠠᠨ ᠲᠡᠭᠦᠯᠳᠡᠷᠵᠢᠭᠦᠯᠵᠤ᠂ ᠪᠠᠭᠰᠢ ᠶᠢᠨ ᠪᠣᠯᠪᠠᠰᠤᠷᠠᠭᠤᠯᠤᠯ᠂ ᠵᠠᠷᠤᠳᠠᠯ ᠤᠨ ᠪᠠᠲᠤᠯᠠᠭ᠎ᠠ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠵᠢᠭᠠᠨ ᠰᠤᠷᠭᠠᠬᠤ ᠨᠥᠬᠦᠴᠡᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠤᠨ᠂ ᠵᠢᠭᠠᠨ ᠰᠤᠷᠭᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢᠨ ᠢᠲᠡᠭᠡᠭᠦᠯᠬᠦ ᠬᠦᠴᠦᠨ ᠪᠠ ᠨᠥᠯᠥᠭᠡᠯᠡᠬᠦ ᠬᠦᠴᠦᠨ ᠢᠶᠠᠨ ᠴᠢᠩᠭᠠᠷᠠᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠨᠠᠷᠢᠯᠢᠭ ᠪᠣᠳᠠᠲᠠᠢ ᠪᠦᠬᠦ ᠲᠠᠯ᠎ᠠ ᠪᠠᠷ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号