ᠲᠠᠩ ᠢ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠲᠥᠪ ᠤᠨ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ᠪᠣᠯᠣᠨ ᠤᠯᠤᠰ ᠤᠨ ᠲᠠᠰ ᠤᠨ ᠰᠢᠨ᠎ᠡ ᠶᠢ ᠡᠭᠦᠳᠬᠦ ᠲᠥᠪ ᠲᠠᠢ ᠵᠣᠯᠭᠠᠭᠤᠯᠪᠠ
ᠨᠡᠶᠢᠲᠡᠯᠡᠭᠰᠡᠨ ᠴᠠᠭ᠄
2023/9/5
     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ᠂ ᠤᠯᠤᠰ ᠤᠨ ᠡᠨᠧᠷᠭᠢ ᠶᠢᠨ ᠪᠦᠯᠦᠭᠯᠡᠯ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ᠂ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢᠶᠠᠷ ᠠᠶᠢᠯᠴᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠵᠣᠯᠭᠠᠭᠤᠯᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ ᠣᠷᠣᠯᠴᠠᠵᠠᠢ᠃      ᠤᠯᠤᠰ ᠤᠨ ᠡᠨᠧᠷᠭᠢ ᠶᠢᠨ ᠪᠦᠯᠦᠭᠯᠡᠯ ᠳᠤ᠂ ᠲᠠᠩ ᠢ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠭᠦᠸᠧ ᠶᠤᠸᠠᠢ ᠲᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠠᠵᠤ ᠠᠬᠤᠶᠢᠯᠠᠯ ᠤᠨ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠭᠡᠷ ᠢᠷᠡᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠨᠡᠭᠦᠷᠡᠰᠦᠨ ᠤ ᠡᠬᠢ ᠪᠠᠶᠠᠯᠢᠭ ᠤᠨ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠯᠲᠠ ᠶᠢ ᠠᠬᠢᠭᠤᠯᠬᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠠᠶᠢᠷᠢᠯᠠᠭᠤᠯᠬᠤ ᠵᠡᠷᠭᠡ ᠵᠦᠢᠯᠡᠰ ᠤᠨ ᠲᠤᠬᠠᠢ ᠵᠥᠪᠳᠡᠯᠴᠡᠪᠡ᠃ ᠬᠤᠶᠠᠷ ᠲᠠᠯ᠎ᠠ ᠪᠠᠷ ᠢᠶᠠᠨ ᠢᠯᠡᠷᠭᠡᠶᠢᠯᠡᠭᠰᠡᠨ ᠨᠢ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠳᠠᠯᠢ ᠴᠢᠭᠯᠡᠯ ᠢᠶᠠᠷ ᠤᠷᠤᠭᠰᠢᠯᠠᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠭᠠᠷ ᠬᠤᠯᠪᠣᠨ ᠠᠬᠢᠭᠤᠯᠤᠨ᠎ᠠ ᠭᠡᠵᠡᠢ᠃      ᠳᠤᠮᠳᠠᠳᠤ ᠤᠯᠤᠰ ᠤᠨ ᠴᠢᠯᠠᠭᠤᠨ ᠲᠣᠰᠣ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ᠂ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠲᠠᠩ ᠢ ᠨᠠᠷ ᠬᠤᠯᠪᠤᠭᠳᠠᠯ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠠᠩ ᠢ ᠮᠠᠨ ᠤ ᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠵᠢᠴᠢ BDO ᠠᠵᠤ ᠦᠢᠯᠡᠰ ᠤᠨ ᠪᠠᠶᠢᠷᠢᠰᠢᠯ ᠪᠠ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠦᠬᠠᠢ ᠤᠳᠤ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠣᠯᠣᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠶᠡᠬᠡᠪᠡᠷ ᠠᠬᠢᠭᠤᠯᠵᠤ᠂ BDO ᠵᠡᠷᠭᠡ ᠣᠷᠣᠨ ᠪᠦᠰᠡ ᠶᠢᠨ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠳᠣᠣᠷᠠᠳᠤ ᠤᠷᠤᠰᠬᠠᠯ ᠳᠡᠰᠢ ᠥᠷᠭᠡᠳᠬᠡᠬᠦ᠂ ᠦᠷᠳᠡᠭ ᠤᠨ ᠬᠡᠯᠬᠢᠶ᠎ᠡ ᠶᠢ ᠳᠤᠮᠳᠠ ᠳᠡᠭᠡᠳᠦ ᠲᠦᠪᠰᠢᠨ ᠳᠡᠰᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠴᠢᠳᠠᠪᠤᠷᠢ ᠣᠯᠭᠤᠬᠤ ᠪᠠᠷ ᠲᠠᠮᠵᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠤᠯᠭᠠᠮ᠎ᠠ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠤᠨ ᠴᠢᠯᠠᠭᠤᠨ ᠲᠣᠰᠣ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ᠂ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠠᠪᠴᠠᠩ ᠪᠠᠶᠢᠭᠤᠯᠬᠤ᠂  ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠲᠠᠨᠢᠯᠴᠠᠭᠤᠯᠬᠤ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠬᠠᠢ ᠶᠢᠨ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠬᠤ ᠳᠤ ᠬᠦᠴᠦᠷᠬᠡᠭ ᠶᠡᠭᠡ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃ ᠲᠤᠰᠬᠠᠢ ᠮᠡᠷᠭᠡᠵᠢᠯᠲᠡᠨ ᠡᠷᠳᠡᠮᠲᠡᠨ ᠢᠯᠡᠷᠭᠡᠶᠢᠯᠡᠵᠡᠭᠡᠭᠰᠡᠨ ᠨᠢ᠂ ᠦᠬᠠᠢ ᠯᠤᠭ᠎ᠠ ᠶᠢᠨ ᠣᠯᠣᠯᠴᠠᠭ᠎ᠠ ᠰᠣᠯᠢᠯᠴᠠᠭ᠎ᠠ ᠪᠠᠨ ᠨᠢᠭᠲᠠᠷᠠᠭᠤᠯᠵᠤ᠂  BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠳᠡᠮᠵᠢᠯᠭᠡ ᠪᠠ ᠬᠠᠪᠰᠤᠷᠤᠯᠭ᠎ᠠ ᠬᠠᠩᠭᠠᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号