ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2023/9/6
     9 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠪᠦᠯᠬᠦᠮ ᠳᠠᠭᠠᠭᠤᠯᠤᠨ᠂ ᠮᠠᠨ ᠤ ᠬᠤᠳᠠ ᠶᠢᠨ ᠠᠵᠤ ᠠᠬᠤᠶᠢᠯᠠᠯ ᠤᠨ ᠪᠡᠯᠡ ᠣᠷᠣᠭᠤᠯᠵᠤ ᠡᠵᠡᠩᠨᠡᠭᠰᠡᠨ ᠪᠠᠶᠢᠳᠠᠯ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ︽ᠲᠠᠪᠤᠳᠤᠭᠠᠷ ᠣᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ︾ ᠶᠢᠨ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠼᠤᠤ ᠰᠧ ᠶᠠᠩ ᠨᠠᠷ ᠤᠷᠢᠳ ᠬᠤᠵᠢᠳ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠥᠪᠥᠷ ᠮᠣᠩᠭᠤᠯ ᠤᠨ ᠭᠤᠸᠠᠩ ᠵᠢᠦᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠨ ᠸᠧᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠢᠴᠢ ᠬᠠᠶᠢᠷᠤᠪ ᠤᠨ ᠲᠣᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠡᠵᠡᠩᠨᠡᠯᠲᠡ ᠶᠢᠨ ᠪᠠᠶᠢᠳᠠᠯ᠂ ︽ᠲᠠᠪᠤᠳᠤᠭᠠᠷ ᠣᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ︾ ᠶᠢᠨ ᠠᠵᠢᠯ ᠥᠷᠨᠢᠭᠦᠯᠦᠭᠰᠡᠨ ᠪᠠᠶᠢᠳᠠᠯ ᠪᠣᠯᠣᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠢ ᠨᠠᠷᠢᠨ ᠣᠶᠢᠯᠠᠭᠠᠬᠤ ᠶᠢᠨ ᠬᠠᠮᠲᠤ᠂ ᠨᠡᠶᠢᠳᠡᠮ ᠪᠠᠶᠢᠴᠠᠭᠠᠭᠴᠢ ᠶᠢ ᠳᠠᠭᠠᠵᠤ ᠲᠤᠬᠠᠢ ᠶᠢᠨ ᠭᠠᠵᠠᠷ ᠲᠤᠨᠢ ᠪᠦᠷᠢᠳᠬᠡᠨ ᠳᠠᠩᠰᠠᠯᠠᠬᠤ ᠠᠵᠢᠯ ᠤᠨ ᠪᠠᠶᠢᠳᠠᠯ ᠢ ᠨᠢ ᠪᠠᠶᠢᠴᠠᠭᠠᠨ ᠦᠵᠡᠪᠡ᠃      ᠶᠠᠷᠢᠯᠴᠠᠬᠤ ᠬᠤᠷᠠᠯ ᠳᠡᠭᠡᠷ᠎ᠡ᠂ ᠵᠢᠶᠠ ᠴᠢᠩ ᠳ᠋ᠦᠩ ᠮᠠᠨ ᠤ ᠬᠤᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠼᠤᠤ ᠰᠧ ᠶᠠᠩ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠴᠠ ᠡᠵᠡᠮᠰᠢᠭᠰᠡᠨ ᠮᠠᠨ ᠤ ᠬᠤᠲᠠ ᠶᠢᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠢ ᠠᠰᠢᠭᠯᠠᠨ᠂ ᠪᠥᠬᠦ ᠣᠷᠣᠨ ᠤ ᠠᠶᠢᠮᠠᠭ ᠬᠤᠲᠠ ᠶᠢᠨ ᠬᠤᠭᠤᠷᠣᠨᠳᠣᠬᠢ ᠬᠥᠨᠳᠡᠯᠡᠨ ᠬᠠᠷᠢᠴᠠᠭᠤᠯᠤᠯ ᠵᠡᠷᠭᠡ ᠲᠠᠯ᠎ᠠ ᠠᠴᠠ ᠮᠠᠨ ᠤ ᠬᠤᠲᠠ ᠶᠢᠨ ᠠᠵᠤ ᠠᠬᠤᠢ ᠶᠢᠨ ᠠᠵᠢᠯᠯᠠᠭᠠᠨ ᠳᠤ ᠵᠠᠳᠠᠯᠤᠯᠲᠠ ᠬᠢᠵᠦ᠂ ᠮᠠᠨ ᠤ ᠬᠤᠲᠠ ᠶᠢᠨ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠭᠤᠣᠯ ᠣᠨᠴᠠᠯᠢᠭ᠂ ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ ᠬᠥᠭᠵᠢᠯᠲᠡ ᠶᠢᠨ ᠴᠢᠭᠯᠡᠯ ᠵᠡᠷᠭᠡ ᠲᠠᠯ᠎ᠠ ᠪᠠᠷ ᠬᠤᠯᠪᠤᠭᠳᠠᠯ ᠪᠦᠬᠦᠢ ᠰᠠᠨᠠᠭᠤᠯᠭ᠎ᠠ ᠳᠤᠷᠠᠳᠤᠭᠰᠠᠨ ᠪᠠᠶᠢᠨ᠎ᠠ᠃      ᠼᠤᠤ ᠰᠧ ᠶᠠᠩ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢᠨ ᠵᠢᠷᠤᠮᠵᠢᠭᠤᠯᠣᠯᠳᠠ᠂ ᠰᠢᠨᠵᠢᠯᠡᠬᠦ ᠤᠬᠠᠭᠠᠨᠴᠢᠯᠠᠯᠳᠠ ᠶᠢᠨ ᠪᠠᠶᠢᠭᠤᠯᠤᠯᠲᠠ ᠪᠠᠷ ᠲᠦᠰᠢᠭ ᠪᠣᠯᠭᠠᠨ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠪᠠᠷ ᠪᠠᠲᠤᠯᠠᠭ᠎ᠠ ᠪᠣᠯᠭᠠᠵᠤ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠡᠷᠡᠰ ᠰᠡᠷᠭᠡᠶᠢᠯᠡᠨ ᠵᠠᠯᠬᠠᠭᠠᠨ ᠰᠢᠳᠭᠡᠵᠦ᠂ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠡᠯ᠎ᠡ ᠵᠦᠢᠯ ᠤᠨ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃      ᠵᠢᠶᠠ ᠴᠢᠩ ᠳ᠋ᠦᠩ ᠢᠯᠡᠷᠭᠡᠶᠢᠯᠡᠭᠰᠡᠨ ᠨᠢ᠂ ᠮᠠᠨ ᠤ ᠬᠤᠲᠠ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠵᠠᠳᠠᠯᠤᠯᠲᠠ ᠪᠠᠨ ᠥᠨᠳᠥᠷ ᠶᠠᠰᠤ ᠴᠢᠨᠠᠷ ᠥᠨᠳᠥᠷ ᠪᠦᠲᠦᠮᠵᠢᠲᠡᠶ ᠪᠠᠷ ᠰᠠᠶᠢᠲᠤᠷ ᠠᠳᠬᠤᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠠᠯ᠎ᠠ ᠪᠠᠷ ᠨᠠᠷᠢᠯᠢᠭ ᠣᠨᠣᠴᠠᠲᠠᠢ ᠪᠠᠷ ᠬᠦᠴᠦᠯᠡᠵᠦ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠤᠨ᠎ᠠ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠬᠢᠵᠦ᠂ ᠨᠡᠶᠢᠭᠡᠮ ᠤᠨ ᠲᠠᠯ᠎ᠠ ᠶᠢᠨ ᠤᠬᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠨᠡᠶᠢᠭᠡᠮ ᠤᠨ ᠬᠦᠴᠦᠨ ᠢ ᠳᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠢᠳᠡᠪᠬᠢᠲᠡᠢ ᠣᠷᠣᠯᠴᠠᠭᠤᠯᠵᠤ᠂ ᠬᠢᠨᠠᠮᠠᠭᠠᠢ ᠬᠠᠮᠵᠢᠯᠴᠠᠨ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠲᠠᠢ᠂ ᠥᠨᠳᠥᠷ ᠬᠢᠷᠢ ᠲᠦᠪᠰᠢᠨ ᠢᠶᠠᠷ ᠪᠡᠶᠡᠯᠡᠬᠦᠯᠦᠨ᠎ᠡ᠃ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠲᠤᠰᠬᠠᠢ ᠵᠦᠢᠯ ᠤᠨ ᠴᠡᠭᠴᠡᠯᠡᠨ ᠵᠠᠰᠠᠯᠲᠠ ᠶᠢ ᠴᠢᠩᠭ᠎ᠠ ᠪᠥᠭᠡᠳ ᠪᠣᠳᠠᠲᠠᠢ ᠪᠠᠷ ᠠᠬᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠨᠠᠶᠢᠳᠠᠪᠤᠷᠢᠲᠠᠢ᠂ ᠢᠲᠡᠭᠡᠮᠵᠢᠲᠡᠢ᠂ ᠬᠡᠷᠡᠭᠯᠡᠵᠦ ᠪᠣᠯᠬᠤ ᠶᠢ ᠦᠨᠡᠨᠬᠦ ᠪᠠᠲᠤᠯᠠᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号