ᠬᠠᠶᠢᠷᠤᠪ ᠤᠨ ᠲᠣᠬᠤᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠡᠶᠡᠯᠳᠡᠭ ᠬᠥᠷᠰᠢ ᠶᠢᠨ ᠰᠣᠶᠣᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2023/9/7
     9 ᠰᠠᠷ᠎ᠠ ᠶᠢᠨ 6 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠡᠶᠡᠯᠳᠡᠭ ᠬᠥᠷᠰᠢ ᠶᠢᠨ ᠰᠣᠶᠣᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠪᠢᠨ ᠾᠧ ᠵᠡᠭᠡᠯᠢ ᠭᠤᠳᠤᠮᠵᠢ ᠶᠢᠨ ᠬᠥᠳᠡᠭᠡ ᠲᠣᠰᠬᠤᠨ ᠤ ᠰᠣᠶᠣᠯ ᠤᠨ ᠨᠠᠶᠢᠷ ᠵᠦᠩ ᠾᠧ ᠶᠤᠸᠠᠨ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ ᠡᠬᠢᠯᠡᠪᠡ᠃      ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠶ ᠳᠤ᠂ ᠳᠠᠭᠤᠤ ᠪᠥᠵᠢᠭ᠂ ᠬᠤᠶᠠᠷ ᠬᠥᠮᠥᠨ ᠤ ᠡᠯᠬᠦᠴᠡᠭᠡ᠂ ᠶᠠᠩᠭᠠᠷ ᠵᠡᠷᠭᠡ ᠲᠣᠭᠯᠠᠯᠲᠠ ᠶᠢ ᠡᠭᠡᠯᠵᠢᠯᠡᠨ ᠲᠣᠭᠯᠠᠵᠤ᠂ ᠭᠤᠶᠢᠳᠠ ᠰᠠᠶᠢᠬᠠᠨ ᠪᠥᠭᠡᠳ ᠬᠥᠷ ᠨᠠᠷᠭᠢᠶᠠᠨ ᠢᠶᠠᠷ ᠪᠢᠯᠬᠠᠵᠤ ᠪᠠᠶᠢᠯ᠎ᠠ᠃ ᠲᠠᠶᠢᠰᠠᠨ ᠤ ᠳᠣᠣᠷ᠎ᠠ᠂ ᠦᠵᠡᠭᠴᠢᠳ ᠤᠷᠮ᠎ᠠ ᠪᠠᠬ᠎ᠠ ᠪᠠᠷ ᠪᠢᠯᠬᠠᠵᠤ᠂ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠲᠡᠯ᠎ᠡ ᠳᠠᠭᠤᠷᠢᠰᠤᠪᠡ᠃      ᠲᠣᠰ ᠤᠳᠠᠭᠠᠨ ᠤ ᠰᠣᠶᠣᠯ ᠤᠨ ᠨᠠᠶᠢᠷ ᠨᠢ ᠰᠢᠷᠢᠰ ᠭᠤᠣᠯ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ᠂ ᠬᠥᠷᠰᠢ ᠵᠡᠷᠭᠡᠯᠡᠳᠡᠭᠡ ᠶᠢᠨ ᠰᠣᠶᠣᠯ ᠤᠨ ᠦᠷ᠎ᠡ ᠶᠢ ᠲᠦᠭ ᠲᠦᠮᠡᠨ ᠠᠶᠢᠯ ᠡᠷᠦᠬᠡ ᠳᠤ ︽ᠣᠷᠣᠭᠤᠯᠵᠣ︾᠂ ︽ᠲᠠᠨᠢᠯ ᠪᠤᠰᠤ ᠬᠥᠷᠰᠢ︾ ᠶᠢ ︽ᠬᠥᠷᠰᠢ ᠵᠡᠷᠭᠡᠯᠡᠳᠡᠭᠡ︾ ᠪᠣᠯᠭᠠᠨ ᠬᠤᠪᠢᠷᠠᠭᠤᠯᠬᠤ ᠶᠢ ᠬᠦᠴᠦᠲᠡᠢ ᠲᠦᠯᠬᠢᠨ ᠠᠬᠢᠭᠤᠯᠵᠤ᠂ ︽ᠨᠤᠲᠤᠭ ᠤᠰᠤᠨ ᠤ ᠮᠥᠷᠥᠭᠡᠳᠦᠯ︾ ᠤᠨ ᠰᠡᠳᠬᠢᠯᠭᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠤᠰᠠᠯᠠᠮᠵᠢ ᠪᠣᠯᠭᠠᠨ᠎ᠠ᠃ ᠬᠠᠶᠢᠷᠤᠪ ᠤᠨ ᠲᠣᠬᠤᠢ ᠶᠢᠨ ᠲᠣᠭᠤᠷᠢᠭ ᠤᠨ ᠬᠢᠨ ᠲᠤᠰ ᠣᠳᠠᠭᠠᠨ ᠤ ᠨᠡᠶᠢᠭᠡᠮ ᠲᠣᠭᠤᠷᠢᠭ ᠤᠨ ᠡᠶᠡᠯᠳᠡᠭ ᠬᠥᠷᠰᠢ ᠶᠢᠨ ᠰᠣᠶᠣᠯ ᠤᠨ ᠨᠠᠶᠢᠷ ᠢᠶᠠᠷ ᠠᠵᠠ ᠲᠣᠬᠢᠶᠠᠯ ᠪᠣᠯᠭᠠᠵᠤ᠂ ︽ᠲᠠᠷᠢᠶᠠᠯᠠᠩ ᠤᠨ ᠦᠨᠦᠷ ᠠᠮᠲᠠ︾ ᠲᠠᠢ ᠡᠬᠢ ᠪᠠᠶᠠᠯᠢᠭ ᠢ ᠴᠢᠨᠠᠭᠰᠢᠳᠠ ᠰᠠᠶᠢᠲᠤᠷ ᠠᠭᠤᠳᠠᠯᠵᠤ᠂ ᠰᠠᠶᠢᠲᠤᠷ ᠳᠡᠯᠭᠡᠨ ᠦᠵᠡᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠨᠡᠭᠡᠭᠡᠬᠦ ᠳᠤ ᠥᠩᠭᠡ ᠪᠤᠳᠤᠭ ᠨᠡᠮᠡᠷᠢᠯᠡᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号