ᠮᠠᠨ ᠤ ᠬᠤᠲᠠ 40 ᠳ᠋ᠦ᠋ᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2023/9/7
     ᠡᠨᠡ ᠵᠢᠯ ᠤᠨ 9 ᠰᠠᠷ᠎ᠠ ᠪᠣᠯ ᠥᠪᠡᠷᠲᠡᠭᠡᠨ ᠵᠠᠰᠠᠬᠤ ᠣᠷᠣᠨ ᠤ 40 ᠳ᠋ᠦ᠋ᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠣᠨ᠎ᠠ᠃ 9 ᠰᠠᠷ᠎ᠠ ᠶᠢᠨ 6 ᠤ ᠡᠳᠦᠷ᠂ ᠮᠠᠨ ᠤ ᠬᠤᠲᠠ 40 ᠳ᠋ᠦ᠋ᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠵᠢᠴᠢ ︽ᠡᠶᠡᠯᠳᠡᠭ ᠰᠠᠶᠢᠬᠠᠨ ᠦᠬᠠᠢ︾ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠣᠯᠠᠨ ᠲᠦᠮᠡᠨᠴᠢ ᠴᠢᠨᠠᠷᠲᠠᠢ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃      ᠡᠨᠡ ᠵᠢᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠨᠢ ︽ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ ᠨᠠᠮ ᠢᠶᠠᠨ ᠡᠭᠦᠷᠢᠳᠡ ᠳᠠᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠵᠢᠱᠢᠶ᠎ᠡ ᠦᠵᠡᠭᠦᠯᠦᠶ᠎ᠡ︾ ᠭᠡᠬᠦ ᠪᠠᠷ ᠭᠤᠣᠯ ᠰᠡᠳᠦᠪ ᠪᠣᠯᠭᠠᠵᠤ᠂ ᠡᠭᠦᠨ ᠤ ᠵᠣᠷᠢᠯᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ  ᠪᠠᠷ ᠡᠵᠡᠮᠰᠢᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠱᠤᠭᠤᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠪᠦᠯᠬᠦᠮᠳᠡᠯ ᠠᠭᠤᠰᠤᠯᠴᠠᠯ᠂ ᠴᠡᠴᠡᠭᠯᠡᠯ ᠬᠥᠭᠵᠢᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠣᠶᠢᠯᠠᠭᠠᠭᠤᠯᠵᠤ᠂ ᠮᠠᠨ ᠤ ᠬᠤᠲᠠ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃      ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠦᠨᠳᠦᠰᠦᠳᠡᠨ ᠤ ᠬᠡᠷᠡᠭ ᠡᠷᠭᠢᠯᠡᠬᠦ ᠵᠥᠪᠯᠡᠯ ᠪᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢᠨ ᠲᠥᠯᠥᠭᠡᠯᠡᠭᠴᠢ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠤᠶ᠎ᠠ︾ ᠭᠡᠰᠡᠨ ᠰᠠᠨᠠᠭᠠᠴᠢᠯᠠᠭ᠎ᠠ ᠭᠠᠷᠭᠠᠵᠤ᠂ ᠡᠯ᠎ᠡ ᠤᠷᠠᠨ ᠰᠠᠶᠢᠬᠠᠨ ᠤ ᠠᠩᠭᠢ ᠳᠠᠭᠤᠤ ᠪᠥᠵᠢᠭ ᠤᠨ ᠲᠣᠭᠯᠠᠯᠲᠠ ᠭᠠᠷᠭᠠᠵᠤ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号