2023 ᠦᠬᠠᠢ ᠶᠢᠨ ᠡᠯᠡᠰᠦᠨ ᠴᠥᠯ ᠤᠨ ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ ᠤᠨ ᠨᠠᠶᠢᠷ 9 ᠰᠠᠷ᠎ᠠ ᠶᠢᠨ 20 ᠤ ᠡᠳᠦᠷ ᠡᠭᠢᠯᠡᠬᠦ ᠪᠤᠯᠤᠨ᠎ᠠ
ᠨᠡᠶᠢᠲᠡᠯᠡᠭᠰᠡᠨ ᠴᠠᠭ᠄
2023/9/7
     9 ᠰᠠᠷ᠎ᠠ ᠶᠢᠨ 6 ᠤ ᠡᠳᠦᠷ᠂ ᠮᠠᠨ ᠤ ᠬᠤᠲᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠬᠤᠯᠪᠤᠭᠳᠠᠯ ᠪᠦᠬᠦᠢ ᠬᠠᠷᠢᠭᠤᠴᠠᠯᠭᠠᠲᠠᠨ 2023 ᠦᠬᠠᠢ ᠶᠢᠨ ᠡᠯᠡᠰᠦᠨ ᠴᠥᠯ ᠤᠨ ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ ᠤᠨ ᠨᠠᠶᠢᠷ᠂ ᠬᠤᠶᠠᠳᠤᠭᠠᠷ ᠬᠤᠭᠤᠴᠠᠭᠠᠨ ᠤ ᠬᠠᠲᠤᠨ ᠭᠤᠣᠯ ᠤᠨ ᠰᠠᠪᠠ ᠭᠠᠵᠠᠷ ︵ᠦᠬᠠᠢ ᠬᠤᠲᠠ︶ ᠤᠨ ᠠᠮᠲᠠᠲᠤ ᠢᠳᠡᠭᠡᠨ ᠤ ᠰᠣᠶᠣᠯ ᠤᠨ ᠨᠠᠶᠢᠷ ᠤᠨ ᠬᠤᠯᠪᠤᠭᠳᠠᠯ ᠪᠦᠬᠦᠢ ᠪᠠᠶᠢᠳᠠᠯ ᠪᠠ ᠠᠵᠢᠯᠯᠠᠭ᠎ᠠ ᠶᠢᠨ ᠬᠢᠯᠠᠰ ᠴᠢᠭ  ᠢᠶᠠᠨ ᠨᠡᠶᠢᠲᠡᠯᠡᠪᠡ᠃      2023 ᠦᠬᠠᠢ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ ᠤᠨ ᠨᠠᠶᠢᠷ ᠨᠢ ︽ᠤᠷᠲᠤ ᠭᠤᠤᠯ ᠳᠤ ᠨᠠᠷᠠ ᠵᠢᠷᠭᠠᠬᠤ ᠶᠢ ᠪᠠᠭ᠋ᠠᠷᠬᠠᠵᠤ ᠤᠯᠠᠭᠠᠨ ᠥᠩᠭᠡ ᠲᠠᠢ ᠦᠵᠦᠮ ᠤᠨ ᠠᠷᠢᠬᠢ ᠶᠢ ᠠᠮᠲᠠᠯᠠᠰᠣᠭᠠᠢ︾ ᠭᠡᠬᠦ ᠪᠠᠷ ᠭᠤᠣᠯ ᠰᠡᠳᠦᠪ ᠪᠣᠯᠭᠠᠵᠤ᠂ 9 ᠰᠠᠷ᠎ᠠ ᠶᠢᠨ 20 ᠤ ᠣᠷᠣᠢ ᠡᠬᠢᠯᠡᠵᠦ᠂ 22 ᠤᠨ ᠡᠳᠦᠷ  ᠤᠨ ᠣᠷᠣᠢ ᠲᠡᠭᠦᠰᠬᠦ ᠪᠤᠯᠤᠨ᠎ᠠ᠃ ᠡᠨᠡ ᠬᠤᠭᠤᠴᠠᠭᠠᠨ ᠳᠤ ᠷᠣᠺ ᠳᠠᠭᠤᠤ ᠬᠥᠭᠵᠢᠮ ᠤᠨ ᠨᠠᠶᠢᠷ᠂ ᠦᠵᠦᠮ ᠤᠨ ᠠᠷᠢᠬᠢ ᠶᠢᠨ ᠤᠯᠠᠨ ᠨᠡᠶᠢᠲᠡ ᠶᠢᠨ ᠠᠮᠠᠨ ᠤᠩᠰᠢᠯᠭ᠎ᠠ ᠶᠢᠨ ᠤᠷᠤᠯᠳᠤᠭᠠᠨ᠂ ᠦᠵᠦᠮ ᠤᠨ ᠠᠷᠢᠬᠢ ᠶᠢᠨ ᠲᠤᠰᠬᠠᠢ ᠮᠡᠷᠭᠡᠵᠢᠯ ᠤᠨ ᠰᠢᠯᠭᠠᠷᠠᠭᠤᠯᠤᠯᠲᠠ ᠶᠢᠨ ᠤᠷᠤᠯᠳᠤᠭᠠᠨ᠂ ᠣᠬᠤᠷ ᠸᠢᠳᠢᠤ᠋ ᠪᠠᠷ ᠡᠯᠰᠡᠬᠦ ᠤᠷᠤᠯᠳᠤᠭᠠᠨ᠂ ᠰᠦᠯᠵᠢᠶᠡᠨ ᠤ ᠲᠤᠰᠬᠠᠢ ᠰᠡᠳᠦᠪᠲᠦ ᠲᠠᠨᠢᠯᠴᠠᠭᠤᠯᠭ᠎ᠠ ᠶᠢᠨ ᠴᠤᠭᠯᠠᠭᠠᠨ᠂ ︽ᠲᠠᠩᠺ︾ ᠤᠨ ᠡᠯᠡᠰᠦᠷᠬᠡᠭ ᠭᠠᠵᠠᠷ ᠤᠨ ᠬᠡᠭᠡᠷ᠎ᠡ ᠶᠢᠨ ᠤᠷᠤᠯᠳᠤᠭᠠᠨ ᠵᠡᠷᠭᠡ ᠶᠢ ᠶᠠᠪᠤᠭᠳᠠᠭᠤᠯᠤᠨ᠎ᠠ᠃ ᠠᠵᠢᠯᠯᠠᠭ᠎ᠠ ᠨᠢ ᠠᠩᠬ᠎ᠠ ᠤᠳᠠᠭ᠎ᠠ ᠬᠤᠳᠠ ᠲᠣᠭᠤᠷᠢᠭ ᠤᠨ ᠬᠤᠯᠪᠤᠭᠠᠯᠠᠨ ᠬᠥᠳᠡᠯᠦᠯᠴᠡᠬᠦ ᠬᠡᠯᠪᠡᠷᠢ ᠶᠢ ᠠᠪᠴᠤ᠂ ᠬᠤᠳᠠ᠂ ᠲᠣᠭᠤᠷᠢᠭ ᠬᠤᠶᠠᠷ ᠱᠠᠲᠤᠨ ᠤ ᠡᠯ᠎ᠡ ᠲᠦᠷᠦᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠠᠶᠢᠴᠢᠯᠠᠵᠤ᠂ ᠮᠠᠨ ᠤ ᠬᠤᠳᠠ ᠶᠢᠨ ᠡᠯᠪᠡᠭ ᠪᠠᠶᠠᠯᠢᠭ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠢᠯᠡᠷᠡᠭᠦᠯᠵᠦ᠂ ᠮᠠᠨ ᠤ ᠬᠤᠳᠠ ᠶᠢᠨ ᠨᠡᠭᠡᠭᠡᠯᠲᠡ᠂ ᠬᠥᠭᠵᠢᠯᠲᠡ ᠶᠢᠨ ᠴᠣ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠪᠤᠯᠤᠨ᠎ᠠ᠃      ᠬᠤᠶᠠᠳᠤᠭᠠᠷ ᠬᠤᠭᠤᠴᠠᠭᠠᠨ ᠤ ᠬᠠᠲᠤᠨ ᠭᠤᠣᠯ ᠤᠨ ᠰᠠᠪᠠ ᠭᠠᠵᠠᠷ ︵ᠦᠬᠠᠢ ᠬᠤᠲᠠ︶ ᠤᠨ ᠠᠮᠲᠠᠲᠤ ᠢᠳᠡᠭᠡᠨ ᠤ ᠰᠣᠶᠣᠯ ᠤᠨ ᠨᠠᠶᠢᠷ 9 ᠰᠠᠷ᠎ᠠ ᠶᠢᠨ 26 ᠤ ᠡᠳᠦᠷ ᠠᠴᠠ 10 ᠰᠠᠷ᠎ᠠ ᠶᠢᠨ 6 ᠤ ᠡᠳᠦᠷ ᠪᠣᠯᠲᠠᠯ᠎ᠠ ᠦᠷᠭᠦᠯᠵᠢᠯᠡᠨ᠎ᠡ᠃ ᠠᠵᠢᠯᠯᠠᠭ᠎ᠠ ᠨᠢ ︽ᠬᠠᠳᠤᠨ ᠭᠤᠣᠯ ᠤᠨ ᠤᠰᠤ ᠶᠢ ᠬᠠᠮᠲᠤᠪᠠᠷ ᠤᠤᠭᠤᠶ᠎ᠠ· ᠡᠵᠢ ᠶᠢᠨ ᠬᠤᠭᠤᠯᠠ ᠶᠢ ᠬᠠᠮᠲᠤᠪᠠᠷ ᠵᠤᠭᠤᠭᠯᠠᠶ᠎ᠠ︾ ᠭᠡᠬᠦ ᠪᠠᠷ ᠭᠤᠣᠯ ᠰᠡᠳᠦᠪ ᠪᠣᠯᠭᠠᠵᠤ᠂ ︽ᠬᠠᠳᠤᠨ ᠭᠤᠣᠯ ᠤᠨ ᠦᠯᠢᠭᠡᠷ︾ ᠢ ᠰᠠᠶᠢᠲᠤᠷ ᠶᠠᠷᠢᠬᠤ ᠶᠢ ᠬᠠᠳᠤᠨ ᠭᠤᠣᠯ ᠤᠨ ᠰᠠᠪᠠ ᠭᠠᠵᠠᠷ ᠤᠨ ᠠᠮᠲᠠᠲᠤ ᠢᠳᠡᠭᠡᠨ ᠤ ᠰᠣᠶᠣᠯ ᠲᠠᠢ ᠤᠶᠠᠯᠳᠤᠭᠤᠯᠵᠤ᠂ ᠪᠦᠬᠦ ᠤᠯᠤᠰ ᠤᠨ ᠬᠠᠳᠤᠨ ᠭᠤᠣᠯ ᠳᠠᠭᠠᠤ ᠶᠢᠨ ᠨᠠᠢᠮᠠᠨ ᠮᠤᠵᠢ ︵ᠣᠷᠣᠨ︶᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠳᠠ᠂ ᠢᠳᠡᠭᠡᠨ ᠤᠮᠳᠠᠭᠠᠨ ᠤ ᠠᠵᠢᠯ ᠲᠦᠷᠦᠯ ᠤᠨ ᠨᠡᠶᠢᠭᠡᠮᠯᠢᠭ ᠤᠨ ᠲᠥᠯᠥᠭᠡᠯᠡᠭᠴᠢ ᠵᠡᠷᠭᠡ 500 ᠭᠠᠷᠤᠢ ᠬᠥᠮᠥᠨ ᠢ ᠦᠬᠠᠢ ᠳᠤ ᠤᠷᠢᠵᠤ ᠴᠤᠭᠯᠠᠷᠠᠭᠤᠯᠬᠤ ᠪᠤᠯᠤᠨ᠎ᠠ᠃ ᠠᠵᠢᠯᠯᠠᠭ᠎ᠠ ᠶᠢᠨ ᠠᠭᠤᠯᠭ᠎ᠠ ᠳᠤ ᠠᠮᠲᠠᠲᠤ ᠢᠳᠡᠭᠡᠨ ᠤ ᠰᠣᠶᠣᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ᠂ ᠠᠷᠪᠠᠨ ᠭᠤᠷᠪᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠠᠮᠳᠠᠲᠤ ᠢᠳᠡᠭᠡᠨ︾ ᠤ ᠬᠡᠷᠡᠯ ᠵᠢᠷᠤᠭ ᠤᠨ ᠦᠵᠡᠬᠦᠯᠦᠯᠭᠡ᠂ ︽ᠵᠢᠭᠠᠰᠤ ᠬᠤᠨᠢᠨ ᠤ ᠮᠢᠬ᠎ᠠ︾ ᠨᠣᠭᠤᠭ᠎ᠠ ᠶᠢᠨ ᠰᠢᠯᠭᠠᠷᠠᠭᠤᠯᠤᠯᠲᠠ᠂ ︽ᠦᠵᠦᠮ︾ ᠤᠨ ᠳᠠᠶᠢᠯᠠᠯᠭ᠎ᠠ ᠶᠢᠨ ᠦᠵᠡᠭᠦᠯᠦᠯᠭᠡ᠂ ︽ᠬᠠᠲᠤᠨ ᠭᠤᠣᠯ ᠤᠨ ᠦᠨᠦᠷ ᠠᠮᠲᠠ︾ ᠶᠢᠨ ᠣᠨᠴᠠᠯᠢᠭᠲᠤ ᠢᠳᠡᠭᠡᠨ ᠤ ᠮᠠᠲ᠋ᠧᠷᠢᠶᠠᠯ ᠤᠨ ᠤᠷᠢᠳᠴᠢᠯᠠᠨ ᠬᠢᠭᠰᠡᠨ ᠨᠣᠭᠤᠭ᠎ᠠ ᠶᠢᠨ ᠤᠷᠤᠯᠳᠤᠭᠠᠨ᠂ ᠬᠠᠲᠤᠨ ᠭᠤᠣᠯ ᠤᠨ ᠰᠠᠪᠠ ᠭᠠᠵᠠᠷ ᠤᠨ ᠶᠢᠰᠦᠨ ᠮᠤᠵᠢ ᠣᠷᠣᠨ ᠤ ᠢᠳᠡᠭᠡᠨ ᠤᠮᠳᠠᠭᠠᠨ ᠤ ᠬᠤᠯᠪᠣᠭ᠎ᠠ ᠶᠢᠨ ︽ᠬᠤᠲᠠ ᠶᠢᠨ ᠢᠳᠡᠭᠡᠨ ᠤᠮᠳᠠᠭᠠᠨ ᠤ ᠬᠥᠭᠵᠢᠯᠲᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ︾ ᠵᠡᠷᠭᠡ ᠭᠤᠣᠯ ᠰᠡᠳᠦᠪ ᠢ ᠪᠠᠭᠳᠠᠭᠠᠨ᠎ᠠ᠃      ᠬᠤᠶᠠᠷ ᠵᠦᠢᠯ ᠤᠨ ᠠᠵᠢᠯᠯᠠᠭ᠎ᠠ ᠨᠢ ᠬᠠᠲᠤᠨ ᠭᠤᠣᠯ ᠤᠨ ᠰᠠᠪᠠ ᠭᠠᠵᠠᠷ ᠤᠨ ᠡᠬᠢ ᠪᠠᠶᠠᠯᠢᠭ ᠲᠤ ᠰᠠᠭᠤᠷᠢᠯᠠᠵᠤ᠂ ᠵᠢᠭᠤᠯᠴᠢᠯᠠᠯ ᠢᠶᠠᠷ ᠬᠤᠳᠠᠯᠳᠤᠭᠠᠴᠢᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠲᠠᠷᠢᠶᠠᠯᠠᠩ ᠢᠶᠠᠷ ᠵᠢᠭᠤᠯᠴᠢᠯᠠᠯ ᠢ ᠠᠬᠢᠭᠤᠯᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠰᠣᠶᠣᠯ ᠵᠢᠭᠤᠯᠴᠢᠯᠠᠯ ᠬᠤᠳᠠᠯᠳᠤᠭ᠎ᠠ ᠲᠠᠷᠢᠶᠠᠯᠠᠩ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ ᠪᠠᠶᠠᠷ ᠳᠤᠷᠠᠰᠬᠠᠯ ᠤᠨ ᠡᠳᠦᠷ ᠵᠢᠭᠤᠯᠴᠢᠯᠠᠯ ᠰᠣᠶᠣᠯ ᠤᠨ ᠰᠢᠨ᠎ᠡ ᠲᠠᠪᠴᠠᠩ ᠢ ᠪᠠᠶᠢᠭᠤᠯᠬᠤ᠂ ᠦᠵᠦᠮ ᠤᠨ ᠠᠷᠢᠬᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠪᠠᠷ ᠪᠠᠶᠠᠷ ᠳᠤᠷᠠᠰᠬᠠᠯ ᠤᠨ ᠡᠳᠦᠷ ᠢ ᠡᠷᠭᠢᠯᠡᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠬᠥᠭᠵᠢᠭᠦᠯᠬᠦ ᠰᠢᠨ᠎ᠡ ᠵᠠᠭᠪᠤᠷ ᠢᠶᠠᠷ ᠳᠠᠮᠵᠢᠭᠤᠯᠤᠨ᠂ ᠪᠠᠶᠠᠷ ᠳᠤᠷᠠᠰᠬᠠᠯ ᠤᠨ ᠠᠵᠢᠯᠯᠠᠭ᠎ᠠ ᠶᠢ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠤᠭᠠᠴᠠᠨ ᠬᠤᠳᠠᠯᠳᠤᠨ ᠠᠪᠬᠤ ᠵᠤᠭ᠎ᠠ ᠴᠡᠩᠭᠡᠯ︾ ᠤᠨ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠭᠡᠨ᠂ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠤᠨ᠂ ᠣᠯᠠᠨ ᠡᠰᠢᠲᠦ ᠠᠵᠤ ᠦᠢᠯᠡᠰ ᠢ ᠪᠣᠶ ᠪᠣᠯᠭᠠᠵᠤ᠂ ᠮᠠᠨ ᠤ ᠬᠤᠲᠠ ᠶᠢᠨ ᠬᠤᠲᠠ ᠶᠢᠨ ᠬᠥᠭᠵᠢᠯᠲᠡ ᠬᠢᠭᠡᠳ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠭᠰᠠᠨ ᠰᠢᠨ᠎ᠡ ᠬᠥᠭᠵᠢᠯᠲᠡ ᠶᠢᠨ ᠵᠠᠭᠪᠤᠷ ᠢ ᠪᠣᠶ ᠪᠣᠯᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号