9 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ | — ᠮᠣᠩᠭᠤᠯ ᠤᠯᠤᠰ ᠤᠨ ᠦᠵᠡᠰᠬᠦᠯᠡᠩ ᠵᠢᠴᠢ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ | ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠬᠥᠬᠡᠬᠤᠲᠠ ᠳᠤ ᠡᠬᠢᠯᠡᠪᠡ᠃ ᠬᠤᠳᠠ ᠶᠢᠨ ᠨᠠᠮ ᠤᠨ ᠬᠤᠷᠢᠶᠠᠨ ᠤ ᠱᠦᠵᠢ | ᠲᠠᠩ ᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠲᠣᠰ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ ᠦᠵᠡᠰᠬᠦᠯᠡᠩ ᠨᠢ | ︽ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠬᠠᠮᠲᠤ ᠪᠠᠷ ᠪᠠᠶᠢᠭᠤᠯᠵᠤ᠂ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ | ᠬᠠᠮᠲᠤ ᠪᠠᠷ ᠡᠳ᠋ᠯᠡᠶ᠎ᠡ︾ ᠭᠡᠬᠦ ᠭᠤᠣᠯ ᠰᠡᠳᠦᠪ ᠢᠶᠠᠷ ᠶᠠᠪᠤᠭᠳᠠᠵᠤ᠂ ᠦᠵᠡᠰᠬᠦᠯᠡᠩ ᠤᠨ ᠲᠣᠭᠤᠷᠢᠭ ᠤᠨ ᠲᠠᠯᠠᠪᠠᠶ ᠨᠢ 9. | 2 ᠲᠦᠮᠡᠨ ᠲᠡᠭᠰᠢ ᠳᠥᠷᠪᠡᠯᠵᠢᠨ ᠮᠧᠲᠷ᠂ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ 3000 ᠭᠠᠷᠤᠢ᠂ | ᠦᠵᠡᠰᠬᠦᠯᠡᠩ ᠳᠤ ᠣᠷᠣᠯᠴᠠᠭᠰᠠᠨ ᠤᠯᠤᠰ ᠪᠠ ᠭᠠᠵᠠᠷ ᠣᠷᠣᠨ 35᠂ ᠦᠵᠡᠰᠬᠦᠯᠡᠩ ᠳᠤ ᠣᠷᠣᠯᠴᠠᠭᠰᠠᠨ ᠮᠤᠵᠢ | ᠣᠷᠣᠨ ᠬᠤᠲᠠ 27᠂ ᠭᠤᠣᠯ ᠵᠣᠴᠢᠨ ᠮᠤᠵᠢ 3 ᠪᠠᠶᠢᠵᠤ᠂ ᠬᠡᠪᠴᠢᠶ᠎ᠡ ᠪᠠᠷ ᠴᠥᠮ ᠥᠩᠭᠡᠷᠡᠭᠰᠡᠨ ᠬᠤᠭᠤᠴᠠᠭᠠᠨ ᠤ | ᠬᠢ ᠲᠠᠢ ᠠᠳᠠᠯᠢᠳᠬᠠᠪᠠᠯ ᠬᠠᠮᠤᠭ ᠤᠨ ᠲᠡᠷᠢᠭᠦᠨ ᠳᠤ ᠣᠷᠣᠪᠠ᠃ ᠭᠡᠷ ᠳᠣᠲᠣᠷᠠᠬᠢ ᠬᠤᠶᠠᠷ ᠤᠷᠲᠤᠨ ᠤ ᠲᠠᠯᠠᠪᠠᠶ ᠨᠢ | ᠨᠡᠶᠢᠲᠡ 3.6 ᠲᠦᠮᠡᠨ ᠲᠡᠭᠰᠢ ᠳᠥᠷᠪᠡᠯᠵᠢᠨ ᠮᠧᠲᠷ ᠬᠦᠷᠴᠦ᠂ ᠶᠡᠷᠦᠩᠬᠡᠶᠢᠯᠡᠭᠰᠡᠨ ᠦᠵᠡᠭᠦᠯᠦᠯᠭᠡ ᠪᠠ ᠲᠠᠸᠠᠷ ᠤᠨ | ᠦᠵᠡᠭᠦᠯᠦᠯᠭᠡ ᠭᠡᠬᠦ ᠬᠤᠶᠠᠷ ᠶᠡᠭᠡ ᠲᠥᠷᠥᠯ ᠢ ᠲᠣᠬᠢᠷᠠᠭᠤᠯᠪᠠ᠂ ᠶᠡᠷᠦᠩᠬᠡᠶᠢᠯᠡᠭᠰᠡᠨ ᠦᠵᠡᠭᠦᠯᠦᠯᠭᠡ ᠳᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠦᠷᠢ ᠲᠥᠷᠬᠦ ᠶᠢᠨ ᠦᠵᠡᠭᠦᠯᠦᠯᠭᠡ᠂ ᠮᠣᠩᠭᠤᠯ ᠤᠯᠤᠰ ᠵᠢᠴᠢ | ᠬᠤᠯᠪᠣᠭᠳᠠᠯ ᠪᠦᠬᠦᠢ ᠤᠯᠤᠰ ᠪᠠ ᠭᠠᠵᠠᠷ ᠣᠷᠣᠨ ᠤ ᠶᠡᠷᠦᠩᠬᠡᠶᠢᠯᠡᠭᠰᠡᠨ ᠦᠵᠡᠭᠦᠯᠦᠯᠭᠡ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠦᠵᠡᠭᠦᠯᠦᠯᠭᠡ ᠪᠠ ᠠᠵᠤ ᠠᠬᠤᠶᠢᠯᠠᠯ ᠤᠨ ᠦᠵᠡᠭᠦᠯᠦᠯᠭᠡ᠂ | ᠬᠤᠯᠪᠣᠭᠳᠠᠯ ᠪᠦᠬᠦᠢ ᠮᠤᠵᠢ ᠣᠷᠣᠨ ᠬᠤᠲᠠ᠂ ᠰᠢᠶᠠᠩᠭᠠᠩ ᠣᠣᠮᠧᠨ ᠣᠷᠣᠨ ᠤ ᠶᠡᠷᠦᠩᠬᠡᠶᠢᠯᠡᠭᠰᠡᠨ ᠦᠵᠡᠭᠦᠯᠦᠯᠭᠡ | ᠪᠠᠭᠲᠠᠨ᠎ᠠ᠃ ᠲᠠᠸᠠᠷ ᠤᠨ ᠦᠵᠡᠭᠦᠯᠦᠯᠭᠡ ᠳᠤ ᠣᠯᠠᠨ ᠤᠯᠤᠰ ᠤᠨ ᠲᠠᠸᠠᠷ ᠤᠨ ᠦᠵᠡᠭᠦᠯᠦᠯᠭᠡ᠂ ᠮᠣᠩᠭᠤᠯ ᠤᠯᠤᠰ ᠤᠨ | ᠲᠠᠸᠠᠷ ᠤᠨ ᠦᠵᠡᠭᠦᠯᠦᠯᠭᠡ᠂ ᠥᠪᠥᠷ ᠮᠣᠩᠭᠤᠯ ᠤᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠵᠡᠭᠦᠯᠦᠯᠭᠡ ᠵᠡᠷᠭᠡ ᠪᠠᠭᠲᠠᠨ᠎ᠠ᠃ | ᠦᠬᠠᠢ ᠶᠢᠨ ᠦᠵᠡᠰᠬᠦᠯᠡᠩ ᠤᠨ ᠦᠵᠡᠭᠦᠯᠦᠯᠭᠡ ᠶᠢᠨ ᠣᠷᠳᠣᠨ ᠤ ᠲᠠᠯᠠᠪᠠᠶ ᠨᠢ 260 ᠲᠡᠭᠰᠢ ᠳᠥᠷᠪᠡᠯᠵᠢᠨ | ᠮᠧᠲᠷ ᠲᠤ ᠬᠦᠷᠴᠦ᠂ ᠦᠵᠡᠭᠦᠯᠦᠯᠭᠡ ᠶᠢᠨ ᠲᠣᠭᠤᠷᠢᠭ ᠨᠢ ᠶᠡᠷᠦᠩᠬᠡᠢ ᠳᠡᠭᠡᠨ ᠬᠥᠬᠡ ᠥᠩᠭᠡ ᠪᠠᠷ ᠭᠤᠣᠯ ᠬᠦᠭ | ᠠᠶᠠᠰ ᠪᠣᠯᠭᠠᠵᠤ᠂ ︽ᠠᠵᠤ ᠦᠢᠯᠡᠰ ᠤᠨ ᠰᠢᠨ᠎ᠡ ᠬᠤᠳᠠ ᠦᠵᠡᠰᠬᠦᠯᠡᠩᠲᠦ ᠰᠠᠶᠢᠬᠠᠨ ᠦᠬᠠᠢ︾ ᠪᠠᠷ ᠭᠤᠣᠯ ᠰᠡᠳᠦᠪ | ᠪᠣᠯᠭᠠᠵᠤ᠂ ᠮᠠᠨ ᠤ ᠬᠤᠳᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠬᠤᠳᠠ ᠶᠢᠨ ᠬᠡᠯᠪᠡᠷᠢ ᠪᠠᠨ | ᠬᠤᠪᠢᠷᠠᠭᠤᠯᠬᠤ ᠵᠢᠴᠢ ᠨᠡᠭᠡᠭᠡᠯᠲᠡ ᠶᠢᠨ ᠳᠠᠪᠠᠭᠤᠯᠢᠭ ᠤᠨ ᠲᠣᠭᠤᠷᠢᠨ ᠳᠤ ᠳᠡᠯᠭᠡᠨ ᠦᠵᠡᠬᠦᠯᠦᠨ ᠤᠬᠠᠭᠤᠯᠵᠤ᠂ | ᠨᠡᠶᠢᠳᠡ 15 ᠬᠡᠯᠬᠢᠶ᠎ᠡ ᠶᠢᠨ ᠡᠵᠡᠨ᠂ ᠳᠠᠭᠠᠭᠤᠯᠤᠭᠴᠢ ᠠᠵᠤ ᠠᠬᠤᠶᠢᠯᠠᠯ ᠪᠣᠯᠣᠨ ︽ᠦᠬᠠᠢ ᠶᠢᠨ ᠪᠡᠯᠡᠭ︾ ᠤᠯᠠᠨ | ᠨᠡᠶᠢᠲᠡ ᠶᠢᠨ ᠨᠡᠷᠡᠳᠦ ᠲᠡᠮᠳᠡᠭ ᠤᠨ ᠦᠵᠡᠭᠦᠯᠦᠯᠭᠡ ᠳᠤ ᠣᠷᠣᠯᠴᠠᠵᠤ᠂ ᠮᠠᠨ ᠤ ᠬᠤᠳᠠ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ᠂ ᠰᠢᠨ᠎ᠡ ᠦᠷ᠎ᠡ ᠪᠦᠲᠦᠭᠡᠯ ᠢ ᠪᠦᠬᠦ ᠲᠠᠯ᠎ᠠ ᠪᠠᠷ ᠤᠬᠠᠭᠤᠯᠪᠠ᠃ | ᠡᠭᠦᠨ ᠠᠴᠠ ᠭᠠᠳᠠᠨ᠎ᠠ᠂ ᠦᠬᠠᠢ ᠶᠢᠨ ᠦᠵᠦᠮ ᠠᠩᠬ᠎ᠠ ᠤᠳᠠᠭ᠎ᠠ ᠱᠦᠨ ᠹᠧᠩ ᠠᠭᠠᠷ ᠤᠨ ᠠᠶᠠᠯᠠᠯ ᠤᠨ ᠺᠣᠮᠫᠠᠨᠢ ᠶᠢᠨ | ᠦᠵᠡᠭᠦᠯᠦᠯᠭᠡ ᠳᠤ ᠣᠷᠣᠯᠴᠠᠵᠤ᠂ ᠦᠵᠡᠭᠦᠯᠦᠯᠭᠡ ᠶᠢᠨ ᠬᠤᠭᠤᠴᠠᠭᠠᠨ ᠳᠤ ᠦᠬᠠᠢ ᠶᠢᠨ ᠦᠵᠦᠮ ᠢ ᠡᠳᠦᠷ ᠪᠦᠷᠢ | ᠦᠬᠠᠢ ᠠᠴᠠ ᠬᠤᠷᠠᠯ ᠤᠨ ᠲᠠᠯᠠᠪᠠᠶ ᠳᠤ ᠬᠦᠷᠭᠡᠵᠦ᠂ ᠣᠯᠠᠨ ᠢᠶᠠᠷ ᠢᠶᠠᠨ ᠰᠢᠨ᠎ᠡ ᠰᠣᠷᠭᠤᠭ ᠦᠬᠠᠢ ᠶᠢᠨ ᠦᠵᠦᠮ | ᠲᠤᠬᠠᠢ ᠶᠢᠨ ᠲᠠᠯᠠᠪᠤᠷ ᠲᠤ ᠬᠤᠳᠠᠯᠳᠤᠨ ᠠᠪᠴᠦ᠂ ᠦᠬᠠᠢ ᠶᠢᠨ ᠦᠵᠦᠮ ᠢ ᠪᠥᠬᠦ ᠤᠯᠤᠰ᠂ ᠳᠡᠯᠡᠬᠡᠢ ᠳ᠋ᠠᠬᠢᠨ ᠳᠤ | ᠳᠡᠯᠭᠡᠷᠡᠭᠦᠯᠬᠦ ᠪᠤᠯᠤᠨ᠎ᠠ᠃ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠳᠠᠷᠤᠭ᠎ᠠ ᠯᠢᠦ ᠳ᠋ᠧ ᠼᠦᠢ ᠬᠡᠯᠡᠭᠰᠡᠨ ᠨᠢ᠄ | ︽ᠪᠢᠳᠡ ᠲᠣᠰ ᠬᠤᠭᠤᠴᠠᠭᠠᠨ ᠤ ᠳᠤᠮᠳᠠᠳᠤ ᠤᠯᠤᠰ— ᠮᠣᠩᠭᠤᠯ ᠤᠯᠤᠰ ᠤᠨ ᠦᠵᠡᠰᠬᠦᠯᠡᠩ ᠢ ᠠᠰᠢᠭᠯᠠᠨ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠨ ᠲᠠᠢ ᠢᠳᠡᠪᠬᠢᠲᠡᠢ ᠪᠠᠷ ᠵᠣᠯᠭᠠᠭᠤᠯᠵᠤ᠂ ᠮᠠᠨ ᠤ | ᠬᠤᠲᠠ ᠶᠢᠨ ᠭᠠᠳᠠᠭᠠᠳᠤ ᠠᠷᠠᠯᠵᠢᠶ᠎ᠠ ᠶᠢᠨ ᠬᠠᠮᠲᠤᠷᠠᠯᠴᠠᠭᠠᠨ ᠤ ᠴᠢᠭ ᠢ ᠠᠭᠤᠳᠠᠯᠵᠤ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠦᠬᠦᠷᠭᠡᠨ ᠪᠠᠬᠢᠯᠡᠯᠲᠡ ᠶᠢ ᠪᠠᠶᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ︾ ᠭᠡᠵᠡᠢ᠃ | ᠲᠤᠰ ᠬᠤᠭᠤᠴᠠᠭᠠᠨ ᠤ ᠳᠤᠮᠳᠠᠳᠤ ᠤᠯᠤᠰ— ᠮᠣᠩᠭᠤᠯ ᠤᠯᠤᠰ ᠤᠨ ᠦᠵᠡᠰᠬᠦᠯᠡᠩ ᠢ 9 ᠰᠠᠷ᠎ᠠ ᠶᠢᠨ | 6 ᠤ ᠡᠳᠦᠷ ᠠᠴᠠ 10 ᠤ ᠡᠳᠦᠷ ᠪᠣᠯᠲᠠᠯ᠎ᠠ ᠡᠷᠭᠢᠯᠡᠨ᠎ᠡ᠃ ᠡᠨᠡ ᠬᠤᠭᠤᠴᠠᠭᠠᠨ ᠳᠤ ᠪᠠᠰᠠ ᠳᠤᠮᠳᠠᠳᠤ ᠤᠯᠤᠰ ᠤᠨ | ᠥᠪᠥᠷ ᠮᠣᠩᠭᠤᠯ — ᠳᠤᠮᠳᠠᠳᠤ ᠠᠽᠢᠶ᠎ᠠ ᠶᠢᠨ ᠲᠠᠪᠤᠨ ᠤᠯᠤᠰ ᠤᠨ ᠠᠵᠤ ᠠᠬᠤᠢ ᠠᠷᠠᠯᠵᠢᠶᠠᠨ ᠤ | ᠬᠠᠮᠲᠤᠷᠠᠯᠴᠠᠭᠠᠨ ᠤ ᠰᠤᠳᠤᠯᠤᠨ ᠶᠠᠷᠢᠯᠴᠠᠬᠤ ᠬᠤᠷᠠᠯ᠂ ᠳᠤᠮᠳᠠᠳᠤ ᠮᠣᠩᠭᠤᠯ ᠤᠷᠤᠰ ᠤᠨ ᠪᠣᠬᠢᠷᠲᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠠᠨᠢᠯᠴᠠᠭᠤᠯᠭ᠎ᠠ ᠶᠢᠨ ᠬᠤᠷᠠᠯ᠂ ︽ᠲᠦᠮᠡᠨ ᠭᠠᠵᠠᠷ ᠤᠨ ᠴᠠᠢ ᠶᠢᠨ | ᠵᠠᠮ︾ ᠤᠨ ᠤᠯᠠᠨ ᠤᠯᠤᠰ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ᠂ ᠳᠤᠮᠳᠠᠳᠤ ᠮᠣᠩᠭᠤᠯ | ᠤᠷᠤᠰ ᠤᠨ ᠰᠣᠶᠣᠯ ᠤᠨ ᠰᠣᠯᠢᠯᠴᠠᠭᠠᠨ ᠤ ᠦᠵᠡᠭᠦᠯᠦᠯᠭᠡ ᠶᠢᠨ ᠲᠣᠭᠯᠠᠯᠲᠠ᠂ ︽ᠲᠣᠷᠭᠠᠨ ᠵᠠᠮ ᠤᠨ ᠬᠠᠳᠬᠤᠮᠠᠯ | ᠵᠡᠭᠦᠳᠦ· ᠤᠮᠠᠷᠠᠲᠤ ᠶᠢᠨ ᠰᠣᠳᠣᠨ ᠡᠮᠡᠭᠲᠡᠶᠢᠴᠦᠳ ᠤᠨ ᠦᠢᠯᠡᠰ ᠪᠣᠰᠬᠠᠭᠰᠠᠨ ᠠᠮᠵᠢᠯᠲᠠ ᠪᠦᠲᠦᠮᠵᠢ ᠶᠢᠨ | ᠦᠵᠡᠭᠦᠯᠦᠯᠭᠡ᠂ 2023 ᠣᠨ ᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠨᠡᠷᠡᠳᠦ ᠵᠢᠵᠢᠭ ᠢᠳᠡᠭᠡᠨ | ᠠᠮᠲᠠᠲᠤ ᠢᠳᠡᠭᠡᠨ ᠤ ᠰᠣᠶᠣᠯ ᠤᠨ ᠭᠠᠷᠠᠭ ᠵᠡᠷᠭᠡ ᠠᠵᠢᠯᠯᠠᠭ᠎ᠠ ᠶᠢ ᠡᠷᠬᠢᠯᠡᠨ᠎ᠡ᠃ ᠡᠭᠦᠨ ᠤ ᠵᠣᠷᠢᠯᠭ᠎ᠠ ᠨᠢ ᠳᠤᠮᠳᠠᠳᠤ | ᠮᠣᠩᠭᠤᠯ ᠬᠤᠶᠠᠷ ᠤᠯᠤᠰ ᠤᠨ ᠬᠤᠭᠤᠷᠣᠨᠳᠣᠬᠢ ᠵᠢᠴᠢ ᠳᠡᠯᠡᠬᠡᠢ ᠶᠢᠨ ᠡᠯ᠎ᠡ ᠤᠯᠤᠰ ᠯᠤᠭ᠎ᠠ ᠶᠢᠨ ᠪᠣᠳᠠᠲᠤ | ᠠᠵᠢᠯᠯᠠᠭ᠎ᠠ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠯ᠎ᠡ ᠤᠯᠤᠰ ᠤᠨ ᠠᠵᠤ ᠠᠬᠤᠢ ᠶᠢᠨ | ᠬᠥᠭᠵᠢᠯᠲᠡ ᠳᠤ ᠬᠦᠴᠦᠨ ᠨᠡᠮᠡᠷᠢᠯᠡᠬᠦ ᠪᠤᠯᠤᠨ᠎ᠠ᠃ |