ᠼᠦᠢ ᠵᠢᠩ ᠶᠢᠩ ᠬᠠᠶᠢᠷᠤᠪ ᠤᠨ ᠲᠤᠬᠤᠢ ᠲᠣᠭᠤᠷᠢᠭ ᠲᠤ ᠬᠦᠷᠴᠦ ᠰᠣᠷᠪᠤᠯᠵᠢᠯᠠᠭ᠎ᠠ ᠶᠢ ᠬᠦᠯᠢᠶᠡᠨ ᠠᠪᠤᠭᠰᠠᠨ ᠪᠥᠭᠡᠳ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2023/9/8
     9 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠰᠣᠷᠪᠤᠯᠵᠢᠯᠠᠭ᠎ᠠ ᠶᠢ ᠬᠦᠯᠢᠶᠡᠨ ᠠᠪᠤᠭᠰᠠᠨ ᠪᠥᠭᠡᠳ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃      ᠼᠦᠢ ᠵᠢᠩ ᠶᠢᠩ ᠨᠠᠷ ᠤᠷᠢᠳ ᠢᠶᠠᠷ ᠬᠠᠶᠢᠷᠤᠪ ᠤᠨ ᠲᠣᠬᠤᠢ ᠲᠣᠭᠤᠷᠢᠭ ᠤᠨ ᠱᠧᠩ ᠽᠢ ᠰᠠᠭᠤᠭᠠᠯᠢ ᠲᠣᠭᠤᠷᠢᠭ ᠲᠤ ᠬᠦᠷᠴᠦ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠤᠨ ᠠᠰᠠᠭᠤᠳᠠᠯ ᠤᠨ ᠦᠨᠳᠦᠰᠦ ᠰᠤᠷᠪᠤᠯᠵᠢ᠂ ᠰᠢᠢᠳᠪᠦᠷᠢᠯᠡᠭᠰᠡᠨ ᠠᠬᠢᠴᠠ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠳᠠᠷᠠᠭ᠎ᠠ ᠨᠢ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ᠂ ᠼᠦᠢ ᠵᠢᠩ ᠶᠢᠩ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠠᠯᠠᠭᠤᠨ ᠢᠶᠠᠷ ᠬᠦᠯᠢᠶᠡᠨ ᠠᠪᠴᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠤᠨ ᠤᠴᠢᠷ ᠰᠢᠯᠲᠠᠭᠠᠨ ᠢ ᠨᠢ ᠨᠠᠷᠢᠨ ᠣᠶᠢᠯᠠᠭᠠᠵᠤ᠂ ᠠᠰᠠᠭᠤᠳᠠᠯ ᠤᠨ ᠵᠠᠩᠭᠢᠯᠠᠭ᠎ᠠ ᠶᠢ ᠨᠢ ᠡᠮᠬᠢᠯᠡᠵᠦ ᠵᠠᠳᠠᠯᠤᠭᠰᠠᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤᠪᠠᠷ ᠰᠢᠢᠳᠪᠦᠷᠢᠯᠡᠬᠦ ᠠᠷᠭ᠎ᠠ ᠶᠢ ᠵᠥᠪᠳᠡᠯᠴᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠠᠵᠢᠯ ᠤᠨ ᠠᠬᠢᠴᠠ ᠪᠠᠨ ᠲᠦᠷᠭᠡᠳᠬᠡᠵᠦ᠂ ᠵᠣᠬᠢᠴᠠᠭᠤᠯᠤᠨ ᠠᠬᠢᠭᠤᠯᠬᠤ ᠵᠦᠢᠯᠡᠰ ᠢᠶᠠᠨ ᠲᠦᠷᠭᠡᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃      ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯᠣᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠼᠦᠢ ᠵᠢᠩ ᠶᠢᠩ ᠬᠡᠯᠡᠭᠰᠡᠨ ᠨᠢ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠨᠠᠮ ᠤᠨ ᠤᠯᠠᠨ ᠲᠦᠮᠡᠨ ᠤ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠴᠢᠬᠤᠯᠠ ᠴᠣᠩᠬᠤ ᠮᠥᠨ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ  ᠬᠢᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠫᠦᠵᠢᠶᠠᠩ ᠤᠨ ᠲᠤᠷᠰᠢᠯᠭ᠎ᠠ︾ ᠶᠢ ᠰᠠᠶᠢᠲᠤᠷ ᠰᠤᠷᠤᠯᠴᠠᠨ ᠬᠡᠷᠡᠭᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠲᠣᠪᠣᠶᠢᠮ᠎ᠠ ᠭᠠᠵᠠᠷ ᠣᠷᠣᠨ ᠳᠤ ᠰᠠᠨᠠᠭᠠᠴᠢᠯᠠᠭ᠎ᠠ  ᠠᠴᠠ ᠪᠠᠨ ᠬᠦᠷᠴᠦ ᠣᠯᠠᠨ ᠲᠦᠮᠡᠨ ᠢ ᠭᠥᠯᠢᠶᠡᠨ ᠠᠪᠴᠤ᠂ ᠣᠯᠠᠨ ᠲᠦᠮᠡᠨ ᠤ ᠬᠦᠴᠢᠷᠳᠡᠯ ᠢ ᠨᠢ ᠰᠢᠢᠳᠪᠦᠷᠢᠯᠡᠵᠦ᠂ ᠣᠯᠠᠨ ᠲᠦᠮᠡᠨ ᠤ ᠬᠡᠷᠡᠭᠴᠡᠭᠡ ᠶᠢ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠪᠠᠨ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ᠂ ᠡᠭᠦᠷᠭᠡᠯᠡᠪᠡᠰᠦ ᠵᠣᠬᠢᠬᠤ ᠡᠭᠦᠷᠭᠡᠯᠡᠯ ᠢ ᠡᠭᠦᠷᠭᠡᠯᠡᠵᠦ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠨᠤᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠤᠳᠤᠷᠢᠳᠬᠤ ᠺᠠᠳ᠋ᠷ ᠤᠨ ᠳᠣᠷᠣᠭᠰᠢ ᠪᠠᠭᠤᠵᠤ ᠰᠣᠷᠪᠤᠯᠵᠢᠯᠠᠭ᠎ᠠ ᠶᠢ ᠬᠦᠯᠢᠶᠡᠨ ᠠᠪᠬᠤ᠂ ᠬᠡᠷᠡᠭ ᠢ ᠳᠠᠭᠠᠭᠠᠨ ᠰᠢᠢᠳᠪᠦᠷᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠪᠠᠨ ᠴᠢᠩᠭᠠᠳᠬᠠᠵᠤ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠭᠠᠳᠬᠠᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号