ᠪᠥᠷᠢᠳᠭᠡᠯ᠄ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠬᠡᠯᠡᠯᠴᠡᠭᠡᠷ ᠤᠨ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/9/8
     9 ᠰᠠᠷ᠎ᠠ ᠶᠢᠨ 6 ᠤ ᠡᠳᠦᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠬᠡᠯᠡᠯᠴᠡᠭᠡᠷ ᠤᠨ ᠬᠤᠷᠠᠯ ᠬᠥᠬᠡᠬᠤᠲᠠ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠣᠷᠣᠯᠴᠠᠪᠡ᠃      ᠬᠡᠯᠡᠯᠴᠡᠭᠡᠷ ᠤᠨ ᠬᠤᠷᠠᠯ ᠳᠡᠭᠡᠷ᠎ᠡ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠭᠤᠣᠯᠳᠠᠯᠭ᠎ᠠ ᠲᠠᠢ ᠠᠵᠤ ᠠᠬᠤᠢ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠲᠣᠭᠤᠷᠢᠨ ᠳᠤ ᠲᠤᠬᠠᠢ ᠶᠢᠨ ᠲᠠᠯᠠᠪᠤᠷ ᠲᠤ ᠭᠡᠷ᠎ᠡ ᠲᠣᠭᠲᠠᠵᠤ᠂ ᠨᠡᠶᠢᠲᠡ 138 ᠲᠥᠷᠥᠯ ᠵᠦᠢᠯ ᠤᠨ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠪᠥᠬᠦ ᠵᠣᠭᠤᠰ ᠤᠨ ᠲᠤᠭ᠎ᠠ 3343 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ᠂ ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠵᠡᠷᠭᠡ ᠬᠦᠷᠢᠶᠡᠨ ᠳᠤ ᠬᠤᠯᠪᠣᠭᠳᠠᠵᠠᠢ᠃ ᠡᠭᠦᠨ ᠳᠤ᠂ ᠮᠠᠨ ᠤ ᠬᠤᠲᠠ ᠶᠢᠨ ᠭᠡᠷ᠎ᠡ ᠲᠣᠭᠲᠠᠭᠰᠠᠨ ᠲᠥᠷᠥᠯ ᠵᠦᠢᠯ 8 ᠪᠠᠶᠢᠵᠤ᠂ ᠭᠡᠷ᠎ᠡ ᠲᠣᠭᠲᠠᠭᠰᠠᠨ ᠪᠥᠬᠦ ᠵᠣᠭᠤᠰ ᠤᠨ ᠲᠤᠭ᠎ᠠ 172.6 ᠳ᠋ᠦᠩᠰᠢᠭᠤᠷ ᠲᠥᠭᠦᠷᠢᠭ ᠲᠤ ᠬᠦᠷᠴᠡᠢ᠃      ᠲᠣᠰ ᠤᠳᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠬᠡᠯᠡᠯᠴᠡᠭᠡᠷ ᠤᠨ ᠬᠤᠷᠠᠯ ᠨᠢ ︽ᠨᠡᠭᠡᠭᠡᠯᠲᠡ ᠬᠢᠵᠦ ᠬᠠᠮᠲᠤᠷᠠᠨ ᠠᠵᠢᠯᠯᠠᠵᠤ᠂ ᠢᠷᠡᠭᠡᠳᠦᠢ ᠶᠢ ᠬᠠᠮᠲᠤ ᠪᠠᠷ ᠡᠳ᠋ᠯᠡᠶ᠎ᠡ︾ ᠭᠡᠳᠡᠭ ᠢᠶᠠᠷ ᠭᠤᠣᠯ ᠰᠡᠳᠦᠪ ᠪᠣᠯᠭᠠᠵᠤ᠂ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠤ ᠣᠯᠠᠨ ᠤᠯᠤᠰᠴᠢᠯᠠᠭᠰᠠᠨ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠰᠢᠨ᠎ᠡ ᠲᠠᠪᠴᠠᠩ ᠢ ᠪᠠᠶᠢᠭᠤᠯᠵᠤ ᠥᠭᠭᠦᠭᠰᠡᠨ ᠪᠠᠶᠢᠨ᠎ᠠ᠃ ᠮᠠᠨ ᠤ ᠬᠤᠲᠠ ᠲᠣᠰ ᠤᠳᠠᠭᠠᠨ ᠤ ᠬᠡᠯᠡᠯᠴᠡᠭᠡᠷ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ ᠤᠨ ᠳᠠᠪᠠᠭᠤᠯᠢᠭ ᠪᠠ ᠡᠯ᠎ᠡ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ ᠳᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠲᠥᠯᠦᠪᠵᠢᠭᠦᠯᠭᠡ ᠵᠢᠴᠢ ᠲᠥᠷᠥᠯ ᠵᠦᠢᠯ ᠤᠨ ᠳᠠᠭᠠᠭᠠᠴᠢᠯᠠᠨ ᠬᠤᠯᠪᠣᠭᠠᠯᠠᠬᠤ ᠦᠢᠯᠡᠴᠢᠯᠡᠭᠡ ᠪᠠᠨ ᠰᠠᠶᠢᠲᠤᠷ ᠬᠢᠵᠦ᠂ ᠬᠠᠮᠲᠤᠷᠠᠯᠴᠠᠭᠠᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠳᠠᠯᠳᠠ ᠬᠦᠴᠦᠨ ᠢᠶᠠᠨ ᠭᠦᠨ ᠠᠭᠤᠳᠠᠯᠵᠤ᠂ ᠡᠯ᠎ᠡ ᠲᠥᠷᠥᠯ ᠤᠨ ᠠᠵᠤ ᠠᠬᠤᠶᠢᠯᠠᠯᠲᠠᠳ ᠤᠨ ᠦᠬᠠᠢ ᠳᠤ ᠠᠩᠬᠠᠷᠤᠯ ᠲᠠᠯᠪᠢᠬᠤ᠂ ᠦᠬᠠᠢ ᠳᠤ ᠪᠡᠯᠡ ᠣᠷᠣᠭᠤᠯᠬᠤ᠂ ᠦᠬᠠᠢ ᠶᠢ ᠲᠠᠨᠢᠯᠴᠠᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠪᠠᠷ ᠪᠣᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号