| | |
| | ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ︽ᠦᠬᠠᠢ ᠬᠤᠲᠠ ᠶᠢᠨ ᠵᠠᠰᠠᠭ ᠤᠨ ᠣᠷᠳᠣᠨ ᠤ ᠭᠡᠷ᠎ᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ | ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠦᠬᠠᠢ ᠵᠠᠰᠠᠭ ᠠᠯᠪᠠᠨ ᠲᠠᠷᠬᠠᠭᠠᠭᠰᠠᠨ︹2020︺24 ᠳ᠋ᠣᠭᠡᠷ ᠲᠣᠭᠠᠲᠤ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠢ ᠬᠤᠲᠠ ᠶᠢᠨ ᠵᠠᠰᠠᠭ ᠤᠨ ᠣᠷᠳᠣᠨ ᠤ ᠭᠡᠷ᠎ᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | 2023 ᠣᠨ ᠤ 7 ᠰᠠᠷ᠎ᠠ ᠶᠢᠨ 20 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠠᠨᠡ︶ | | ᠦᠬᠠᠢ ᠬᠤᠲᠠ ᠶᠢᠨ ᠵᠠᠰᠠᠭ ᠤᠨ ᠣᠷᠳᠣᠨ ᠤ ᠭᠡᠷ᠎ᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠵᠠᠰᠠᠭ ᠤᠨ ᠣᠷᠳᠣᠨ ᠤ ᠭᠡᠷ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠭᠡᠷ᠎ᠡ ᠶᠢᠨ | ᠲᠦᠭᠰᠢᠭᠦᠷᠢ ᠶᠢ ᠰᠡᠷᠭᠡᠶᠢᠯᠡᠬᠦ ᠪᠠ ᠭᠡᠷ᠎ᠡ ᠶᠢᠨ ᠵᠢᠭᠤᠷᠠᠯᠳᠤᠭᠠᠨ ᠢ ᠪᠠᠭᠠᠰᠬᠠᠵᠤ᠂ ᠤᠯᠤᠰ ᠤᠨ ᠥᠮᠴᠢᠯᠡᠯ ᠤᠨ ᠡᠳ᠋ | ᠬᠥᠷᠥᠩᠭᠡ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠤᠷ ᠲᠦᠪᠰᠢᠨ ᠪᠠ ᠪᠠᠶᠢᠭᠠᠯᠢ ᠶᠢᠨ ᠡᠬᠢ ᠪᠠᠶᠠᠯᠢᠭ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠪᠦᠲᠦᠮᠵᠢᠲᠡᠶ ᠠᠰᠢᠭᠯᠠᠯᠲᠠ ᠶᠢ ᠪᠠᠲᠤᠯᠠᠵᠤ᠂ ᠭᠡᠷ᠎ᠡ ᠶᠢᠨ ᠡᠯ᠎ᠡ ᠲᠠᠯ᠎ᠠ ᠶᠢᠨ | ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ | ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠶᠢ ᠲᠤᠭᠤᠷᠪᠢᠨ ᠪᠢᠴᠢᠬᠦ᠂ ᠬᠠᠤᠯᠢ ᠶᠣᠰᠣᠴᠢ ᠴᠢᠨᠠᠷ ᠢ | ᠬᠢᠨᠠᠨ ᠪᠠᠶᠢᠴᠠᠭᠠᠬᠤ᠂ ᠭᠠᠷ ᠤᠨ ᠥᠰᠥᠭ ᠵᠢᠷᠤᠬᠤ᠂ ᠭᠦᠢᠴᠡᠳᠬᠡᠬᠦ᠂ ᠳᠠᠩᠰᠠᠯᠠᠭᠤᠯᠬᠤ ᠵᠢᠴᠢ ᠵᠢᠭᠤᠷᠠᠯᠳᠤᠭᠠᠨ ᠢ | ᠰᠢᠢᠳᠪᠦᠷᠢᠯᠡᠬᠦ ᠵᠡᠷᠭᠡ ᠭᠡᠷ᠎ᠡ ᠶᠢᠨ ᠬᠠᠮᠢᠶᠠᠷᠤᠯᠲᠠ ᠶᠢᠨ ᠠᠵᠢᠯᠯᠠᠭ᠎ᠠ ᠳᠤ ᠲᠣᠰ ᠠᠷᠭ᠎ᠠ ᠲᠣᠬᠢᠷᠠᠨ᠎ᠠ᠃ ᠬᠠᠤᠯᠢ ᠴᠠᠭᠠᠵᠠ᠂ | ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠳᠤ ᠠᠰᠲᠠᠭᠠᠨ | ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠭᠡᠷ᠎ᠡ ᠭᠡᠳᠡᠭ ᠨᠢ | ᠬᠤᠳᠠ ᠶᠢᠨ ᠵᠠᠰᠠᠭ ᠤᠨ ᠣᠷᠳᠣᠨ ᠵᠢᠴᠢ ᠲᠡᠭᠦᠨ ᠤ ᠠᠵᠢᠯᠯᠠᠬᠤ ᠰᠠᠯᠠᠭ᠎ᠠ ᠮᠥᠴᠢᠷ᠂ ᠬᠤᠳᠠ ᠶᠢᠨ ᠬᠠᠷᠢᠶ᠎ᠠ ᠪᠦᠬᠦᠢ | ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠣᠨ ᠠᠵᠢᠯ ᠦᠢᠯᠡᠰ ᠤᠨ ᠨᠢᠭᠡᠴᠡ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ᠂ ᠤᠯᠠᠨ ᠨᠡᠶᠢᠲᠡ ᠶᠢᠨ ᠦᠢᠯᠡᠴᠢᠯᠡᠭᠡᠨ ᠪᠣᠯᠣᠨ ᠢᠷᠭᠡᠨ ᠤ ᠬᠡᠷᠡᠭ ᠤᠨ ᠠᠵᠤ ᠠᠬᠤᠢ ᠶᠢᠨ | ᠠᠵᠢᠯᠯᠠᠭ᠎ᠠ ᠶᠢᠨ ᠳᠤᠮᠳᠠ᠂ ᠨᠢᠭᠡ ᠲᠠᠯ᠎ᠠ ᠶᠢᠨ ᠲᠤᠬᠠᠢ ᠶᠢᠨ ᠬᠥᠮᠥᠨ ᠤ ᠬᠤᠪᠢ ᠪᠠᠷ ᠲᠣᠭᠲᠠᠭᠠᠭᠰᠠᠨ ᠭᠡᠷ᠎ᠡ᠂ | ᠬᠡᠯᠡᠯᠴᠡᠭᠡᠷ ᠵᠢᠴᠢ ᠡᠯ᠎ᠡ ᠲᠠᠯ᠎ᠠ ᠶᠢᠨ ᠡᠷᠬᠡ ᠡᠭᠦᠷᠭᠡ ᠶᠢᠨ ᠬᠠᠷᠢᠴᠠᠭ᠎ᠠ ᠳᠤ ᠬᠤᠯᠪᠣᠭᠳᠠᠬᠤ ᠰᠠᠨᠠᠮᠵᠢ ᠶᠢᠨ ᠪᠢᠴᠢᠭ᠂ | ᠰᠠᠨᠠᠭᠤᠯᠤᠮᠵᠢ ᠵᠡᠷᠭᠡ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢ ᠵᠢᠭᠠᠵᠤ ᠪᠤᠢ᠃ | ᠵᠠᠰᠠᠭ ᠤᠨ ᠣᠷᠳᠣᠨ ᠤ ᠭᠡᠷ᠎ᠡ ᠳᠤ ᠭᠤᠣᠯᠳᠠᠭᠤ ᠳᠣᠣᠷᠠᠬᠢ ᠲᠦᠷᠦᠯ ᠵᠦᠢᠯ ᠪᠠᠭᠲᠠᠨ᠎ᠠ᠄ | ︵ᠨᠢᠭᠡ︶ ᠬᠤᠳᠠ ᠶᠢᠨ ᠰᠠᠭᠤᠷᠢ ᠲᠥᠬᠦᠭᠡᠷᠦᠮᠵᠢ ᠵᠡᠷᠭᠡ ᠤᠯᠤᠰ ᠤᠨ ᠥᠮᠴᠢᠯᠡᠯ ᠤᠨ ᠡᠳ᠋ ᠬᠥᠷᠥᠩᠭᠡ ︵ᠢᠯᠠ | ᠪᠤᠰᠤ ᠡᠳ᠋ ᠬᠥᠷᠥᠩᠭᠡ ᠪᠠᠭᠲᠠᠨ᠎ᠠ︶ ᠶᠢᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ᠂ ᠲᠦᠷᠢᠶᠡᠰᠦᠯᠡᠯ᠂ | ᠭᠠᠷᠭᠠᠵᠤ ᠥᠭᠬᠦ᠂ ᠰᠢᠯᠵᠢᠭᠦᠯᠦᠨ ᠥᠭᠬᠦ᠂ ᠳᠠᠭᠠᠭᠠᠴᠢᠯᠠᠭᠤᠯᠬᠤ᠂ ᠨᠠᠶᠢᠳᠠᠯᠭ᠎ᠠ ᠪᠠᠷ ᠬᠠᠮᠢᠶᠠᠷᠬᠤ᠂ ᠠᠳᠠᠯ | ᠠᠬᠤᠢ ᠶᠢᠨ ᠬᠠᠮᠢᠶᠠᠷᠤᠯᠲᠠ ᠵᠡᠷᠭᠡ ᠭᠡᠷ᠎ᠡ᠃ | ︵ᠬᠤᠶᠠᠷ︶ ᠭᠠᠵᠠᠷ ᠰᠢᠷᠣᠢ᠂ ᠠᠭᠤᠷᠬᠠᠢ ᠶᠢᠨ ᠪᠤᠯᠠᠭᠳᠠᠴᠠ᠂ ᠭᠤᠣᠯ ᠮᠥᠷᠡᠨ᠂ ᠤᠢ ᠰᠢᠭᠤᠢ᠂ ᠠᠲᠠᠷ | ᠭᠠᠵᠠᠷ᠂ ᠲᠡᠩ ᠭᠠᠵᠠᠷ ᠵᠡᠷᠭᠡ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠢ ᠬᠡᠷᠡᠭᠯᠡᠬᠦ ᠡᠷᠬᠡ ᠶᠢ | ᠭᠠᠷᠭᠠᠵᠤ ᠥᠭᠬᠦ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠳᠠᠭᠠᠭᠠᠴᠢᠯᠠᠭᠤᠯᠬᠤ ᠭᠡᠷ᠎ᠡ᠃ | ︵ᠭᠤᠷᠪᠠ︶ ᠵᠠᠰᠠᠭ ᠤᠨ ᠣᠷᠳᠣᠨ ᠤ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠭᠡᠷ᠎ᠡ᠂ ᠵᠠᠰᠠᠭ ᠤᠨ | ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠭᠡᠷ᠎ᠡ᠃ | ︵ᠳᠥᠷᠪᠡ︶ ᠵᠠᠰᠠᠭ ᠵᠠᠬᠢᠷᠭᠠᠨ ᠤ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠨᠥᠬᠦᠪᠦᠷᠢ ᠶᠢᠨ ᠭᠡᠷ᠎ᠡ᠃ | ︵ᠲᠠᠪᠤ︶ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ | ᠬᠤᠳᠠᠯᠳᠤᠬᠤ᠂ ᠫᠠᠶᠢᠰᠠ ᠡᠯᠭᠦᠬᠦ ᠪᠤᠶᠤ ᠵᠠᠰᠠᠭ ᠵᠠᠬᠢᠷᠭᠠᠨ ᠢᠶᠠᠷ ᠬᠢᠨᠠᠨ ᠵᠥᠪᠰᠢᠶᠡᠷᠡᠭᠦᠯᠬᠦ ᠵᠡᠷᠭᠡ ᠬᠠᠤᠯᠢ ᠪᠠᠷ | ᠲᠣᠭᠲᠠᠭᠠᠭᠰᠠᠨ ᠵᠢᠷᠣᠮᠵᠢᠯ ᠢᠶᠠᠷ ᠳᠠᠮᠵᠢᠭᠤᠯᠤᠨ ᠲᠣᠭᠲᠠᠭᠠᠭᠰᠠᠨ ᠭᠡᠷ᠎ᠡ᠃ | ︵ᠵᠢᠷᠭᠤᠭ᠎ᠠ︶ ᠵᠠᠰᠠᠭ ᠤᠨ ᠣᠷᠳᠣᠨ ᠠᠴᠠ ᠵᠣᠭᠤᠰ ᠮᠥᠩᠭᠦ ᠪᠠᠷ ᠲᠤᠰᠠᠯᠠᠬᠤ᠂ ᠨᠥᠬᠦᠪᠦᠷᠢ ᠥᠭᠬᠦ ᠪᠠ | ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠵᠥᠪᠯᠡᠯᠭᠡ ᠥᠭᠬᠦ ᠵᠡᠷᠭᠡ ᠭᠡᠷ᠎ᠡ᠃ | ︵ᠲᠤᠯᠤᠭ᠎ᠠ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠡᠷ᠎ᠡ᠃ | ︵ᠨᠠᠢᠮᠠ︶ ᠡᠯ᠎ᠡ ᠲᠦᠷᠦᠯ ᠤᠨ ᠠᠵᠤ ᠠᠬᠤᠢ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠮᠥᠩᠭᠦᠨ | ᠭᠦᠢᠯᠭᠡᠭᠡ ᠵᠡᠷᠭᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ᠃ | ︵ᠶᠢᠰᠦ︶ ᠵᠠᠰᠠᠭ ᠤᠨ ᠣᠷᠳᠣᠨ ᠤ ᠪᠤᠰᠤᠳ ᠭᠡᠷ᠎ᠡ᠃ | ᠬᠤᠲᠠ ᠶᠢᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ᠂ ᠬᠤᠲᠠ ᠶᠢᠨ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠲᠠᠢ ᠪᠠᠨ ᠲᠣᠭᠲᠠᠭᠰᠠᠨ ᠤᠷᠢᠨ | ᠬᠡᠷᠡᠭᠯᠡᠬᠦ᠂ ᠤᠷᠢᠨ ᠲᠣᠮᠢᠯᠠᠬᠤ ᠵᠡᠷᠭᠡ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠭᠡᠷ᠎ᠡ ᠵᠢᠴᠢ ᠭᠡᠨᠡᠳᠲᠡ ᠶᠢᠨ | ᠬᠡᠷᠡᠭ ᠢ ᠠᠷᠭᠠᠴᠠᠭᠠᠬᠤ ᠳᠤ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ ᠲᠣᠭᠲᠠᠭᠠᠭᠰᠠᠨ ᠵᠠᠰᠠᠭ ᠤᠨ | ᠣᠷᠳᠣᠨ ᠤ ᠭᠡᠷ᠎ᠡ ᠳᠤ ᠲᠣᠰ ᠠᠷᠭ᠎ᠠ ᠲᠣᠬᠢᠷᠠᠬᠤ ᠦᠭᠡᠢ᠃ | ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠭᠡᠷ᠎ᠡ ᠶᠢ ᠡᠩ ᠤᠨ ᠵᠠᠰᠠᠭ ᠤᠨ ᠣᠷᠳᠣᠨ ᠤ ᠭᠡᠷ᠎ᠡ ᠪᠠ | ᠴᠢᠬᠤᠯᠠ ᠶᠡᠭᠡ ᠵᠠᠰᠠᠭ ᠤᠨ ᠣᠷᠳᠣᠨ ᠤ ᠭᠡᠷ᠎ᠡ ᠭᠡᠵᠦ ᠬᠤᠪᠢᠶᠠᠨ᠎ᠠ᠃ | ᠵᠠᠰᠠᠭ ᠤᠨ ᠣᠷᠳᠣᠨ ᠤ ᠴᠢᠬᠤᠯᠠ ᠶᠡᠭᠡ ᠭᠡᠷ᠎ᠡ ᠳᠤ᠄ | ︵ᠨᠢᠭᠡ︶ ᠬᠤᠳᠠ ᠶᠢᠨ ᠵᠠᠰᠠᠭ ᠤᠨ ᠣᠷᠳᠣᠨ ᠨᠢᠭᠡ ᠲᠠᠯ᠎ᠠ ᠶᠢᠨ ᠲᠤᠬᠠᠢ ᠶᠢᠨ ᠬᠥᠮᠥᠨ ᠤ ᠬᠤᠪᠢ ᠪᠠᠷ | ᠲᠣᠭᠲᠠᠭᠠᠭᠰᠠᠨ ᠵᠠᠰᠠᠭ ᠤᠨ ᠣᠷᠳᠣᠨ ᠤ ᠭᠡᠷ᠎ᠡ᠃ | ︵ᠬᠤᠶᠠᠷ︶ ᠬᠤᠲᠠ ᠶᠢᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠠ ᠠᠵᠢᠯ ᠦᠢᠯᠡᠰ ᠤᠨ | ᠨᠢᠭᠡᠴᠡ ᠶᠢᠨ ᠨᠢᠭᠡ ᠲᠠᠯ᠎ᠠ ᠶᠢᠨ ᠲᠤᠬᠠᠢ ᠶᠢᠨ ᠬᠥᠮᠥᠨ ᠤ ᠬᠤᠪᠢ ᠪᠠᠷ ᠲᠣᠭᠲᠠᠭᠠᠭᠰᠠᠨ ᠬᠤᠯᠪᠣᠭᠳᠠᠬᠤ ᠵᠦᠢᠯᠡᠰ ᠢ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ | ᠢᠨᠵᠧᠨᠧᠷᠢᠩ ᠳᠤ ᠵᠢᠭᠰᠠᠭᠠᠨ ᠣᠷᠣᠭᠤᠯᠤᠭᠰᠠᠨ ᠵᠠᠰᠠᠭ ᠤᠨ ᠣᠷᠳᠣᠨ ᠤ ᠭᠡᠷ᠎ᠡ᠃ | ︵ᠭᠤᠷᠪᠠ︶ ᠬᠤᠳᠠ ᠶᠢᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠠ ᠠᠵᠢᠯ ᠦᠢᠯᠡᠰ ᠤᠨ | ᠨᠢᠭᠡᠴᠡ ᠶᠢᠨ ᠨᠢᠭᠡ ᠲᠠᠯ᠎ᠠ ᠶᠢᠨ ᠲᠤᠬᠠᠢ ᠶᠢᠨ ᠬᠥᠮᠥᠨ ᠤ ᠬᠤᠪᠢ ᠪᠠᠷ ᠲᠣᠭᠲᠠᠭᠠᠭᠰᠠᠨ ᠨᠡᠶᠢᠭᠡᠮ ᠤᠨ ᠨᠥᠯᠥᠭᠡ ᠪᠠᠷ | ᠨᠡᠯᠢᠶᠡᠳ ᠶᠡᠭᠡ᠂ ᠤᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠣᠭᠳᠠᠬᠤ ᠪᠤᠰᠤᠳ ᠵᠠᠰᠠᠭ ᠤᠨ | ᠣᠷᠳᠣᠨ ᠤ ᠭᠡᠷ᠎ᠡ᠃ | ︵ᠳᠥᠷᠪᠡ︶ ᠬᠤᠲᠠ ᠶᠢᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠠ ᠠᠵᠢᠯ ᠦᠢᠯᠡᠰ ᠤᠨ | ᠨᠢᠭᠡᠴᠡ ᠶᠢᠨ ᠨᠢᠭᠡ ᠲᠠᠯ᠎ᠠ ᠶᠢᠨ ᠲᠤᠬᠠᠢ ᠶᠢᠨ ᠬᠥᠮᠥᠨ ᠤ ᠬᠤᠪᠢ ᠪᠠᠷ ᠲᠣᠭᠲᠠᠭᠰᠠᠨ ᠲᠥᠪᠯᠡᠷᠡᠭᠦᠯᠦᠨ ᠬᠤᠳᠠᠯᠳᠤᠨ | ᠠᠪᠬᠤ ᠭᠠᠷᠴᠠᠭ ᠤᠨ ᠳᠣᠲᠣᠷᠠᠬᠢ ᠬᠤᠳᠠᠯᠳᠤᠨ ᠠᠪᠬᠤ ᠲᠥᠷᠥᠯ ᠵᠦᠢᠯ ᠤᠨ ᠵᠣᠭᠤᠰ ᠤᠨ ᠲᠤᠭ᠎ᠠ ᠨᠢ 30 | ᠲᠦᠮᠡᠨ ᠲᠥᠭᠦᠷᠢᠭ ᠠᠴᠠ ᠳᠡᠭᠡᠭᠰᠢ ᠪᠠ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠭᠠᠳᠠᠨᠠᠬᠢ | ᠬᠤᠳᠠᠯᠳᠤᠨ ᠠᠪᠬᠤ ᠲᠥᠷᠥᠯ ᠵᠦᠢᠯ ᠤᠨ ᠵᠣᠭᠤᠰ ᠤᠨ ᠲᠤᠭ᠎ᠠ ᠨᠢ ᠰᠣᠯᠠ ᠪᠠᠷ ᠬᠤᠳᠠᠯᠳᠤᠨ ᠠᠪᠬᠤ ᠬᠢᠵᠠᠭᠠᠷ | ᠲᠤᠭ᠎ᠠ ᠶᠢᠨ ᠪᠠᠷᠢᠮᠵᠢᠶ᠎ᠠ ᠳᠤ 80 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠵᠠᠰᠠᠭ ᠤᠨ ᠣᠷᠳᠣᠨ ᠤ ᠬᠤᠳᠠᠯᠳᠤᠨ | ᠠᠪᠬᠤ ᠭᠡᠷ᠎ᠡ︔ | ︵ᠲᠠᠪᠤ︶ ᠬᠤᠳᠠ ᠶᠢᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠠ ᠠᠵᠢᠯ ᠦᠢᠯᠡᠰ ᠤᠨ | ᠨᠢᠭᠡᠴᠡ ᠶᠢᠨ ᠨᠢᠭᠡ ᠲᠠᠯ᠎ᠠ ᠶᠢᠨ ᠲᠤᠬᠠᠢ ᠶᠢᠨ ᠬᠥᠮᠥᠨ ᠤ ᠬᠤᠪᠢ ᠪᠠᠷ ᠲᠣᠭᠲᠠᠭᠠᠭᠰᠠᠨ ᠬᠠᠷᠠᠯᠲᠠ ᠶᠢᠨ ᠲᠤᠭ᠎ᠠ ᠨᠢ | 30 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠵᠠᠰᠠᠭ ᠤᠨ ᠣᠷᠳᠣᠨ ᠤ ᠪᠤᠰᠤᠳ ᠭᠡᠷ᠎ᠡ᠃ | ︵ᠵᠢᠷᠭᠤᠭ᠎ᠠ︶ ᠬᠤᠳᠠ ᠶᠢᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠤᠨ | ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠳᠤ ᠡᠷᠬᠡᠪᠰᠢ ᠳᠠᠭᠠᠭᠠᠴᠢᠯᠠᠯᠲᠠ ᠵᠠᠷᠯᠠᠬᠤ ᠳᠤ ᠲᠣᠭᠲᠠᠭᠠᠭᠰᠠᠨ ᠪᠠᠷᠢᠯᠭ᠎ᠠ ᠶᠢᠨ | ᠵᠦᠢᠯᠡᠰ ᠤᠨ ᠭᠡᠷ᠎ᠡ ᠪᠣᠯᠣᠨ ᠬᠠᠷᠠᠯᠲᠠ ᠶᠢᠨ ᠲᠤᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢ ᠪᠠᠶᠢᠬᠤ | ᠵᠠᠰᠠᠭ ᠤᠨ ᠣᠷᠳᠣᠨ ᠤ ᠪᠤᠰᠤᠳ ᠭᠡᠷ᠎ᠡ᠃ | ᠵᠠᠰᠠᠭ ᠤᠨ ᠣᠷᠳᠣᠨ ᠤ ᠴᠢᠬᠤᠯᠠ ᠶᠡᠭᠡ ᠭᠡᠷ᠎ᠡ ᠠᠴᠠ ᠭᠠᠳᠠᠨᠠᠬᠢ ᠵᠠᠰᠠᠭ ᠤᠨ ᠣᠷᠳᠣᠨ ᠤ ᠭᠡᠷ᠎ᠡ ᠪᠣᠯ | ᠡᠩ ᠤᠨ ᠵᠠᠰᠠᠭ ᠤᠨ ᠣᠷᠳᠣᠨ ᠤ ᠭᠡᠷ᠎ᠡ ᠪᠣᠯᠣᠨ᠎ᠠ᠃ | ᠲᠠᠪᠤᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠶᠢ ᠲᠣᠭᠲᠠᠭᠠᠬᠤ ᠪᠠ ᠭᠦᠢᠴᠡᠳᠬᠡᠬᠦ ᠳᠡᠭᠡᠨ ᠬᠠᠤᠯᠢ ᠳᠤ | ᠨᠡᠶᠢᠴᠡᠬᠦ᠂ ᠬᠢᠨᠠᠮᠠᠭᠠᠢ ᠪᠣᠯᠭᠤᠮᠵᠢᠲᠠᠢ᠂ ᠲᠥᠪ ᠭᠤᠣᠯᠴᠢ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠵᠤ᠂ | ᠤᠯᠤᠰ ᠤᠨ ᠥᠮᠴᠢᠯᠡᠯ ᠤᠨ ᠡᠳ᠋ ᠬᠥᠷᠥᠩᠭᠡ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠤᠷ ᠲᠦᠪᠰᠢᠨ ᠢ | ᠪᠠᠲᠤᠯᠠᠵᠤ᠂ ᠪᠠᠶᠢᠭᠠᠯᠢ ᠶᠢᠨ ᠡᠬᠢ ᠪᠠᠶᠠᠯᠢᠭ ᠪᠠ ᠤᠯᠠᠨ ᠨᠡᠶᠢᠲᠡ ᠶᠢᠨ ᠡᠬᠢ ᠪᠠᠶᠠᠯᠢᠭ ᠢ ᠪᠦᠲᠦᠮᠵᠢᠲᠡᠢ | ᠠᠰᠢᠭᠯᠠᠬᠤ ᠶᠢ ᠠᠬᠢᠭᠤᠯᠬᠤ ᠬᠡᠷᠡᠭᠲᠡᠢ᠃ | ᠵᠠᠰᠠᠭ ᠤᠨ ᠣᠷᠳᠣᠨ ᠤ ᠭᠡᠷ᠎ᠡ ᠪᠣᠯ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠣᠨ ᠤ ᠲᠥᠰᠥᠪ ᠢ | ᠲᠣᠬᠢᠷᠠᠭᠤᠯᠬᠤ ᠶᠢᠨ ᠴᠢᠬᠤᠯᠠ ᠦᠨᠳᠦᠰᠦᠯᠡᠯ ᠮᠥᠨ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠭᠡᠷ᠎ᠡ ᠳᠤ | ᠪᠣᠯᠵᠣᠨ ᠲᠣᠭᠲᠠᠭᠰᠠᠨ ᠪᠡᠯᠡ ᠮᠥᠩᠭᠦᠨ ᠤ ᠵᠦᠢᠯᠡᠰ ᠢ ᠴᠢᠩᠭ᠎ᠠ ᠵᠢᠷᠤᠮᠯᠠᠨ ᠲᠥᠰᠥᠪ ᠢ ᠲᠣᠬᠢᠷᠠᠭᠤᠯᠬᠤ ᠶᠢᠨ ᠬᠠᠮᠲᠤ | ᠪᠡᠯᠡ ᠮᠥᠩᠭᠦ ᠶᠢ ᠰᠢᠯᠵᠢᠭᠦᠯᠦᠨ ᠥᠭᠬᠦ ᠬᠡᠷᠡᠭᠲᠡᠢ᠃ | ᠬᠤᠶᠠᠳᠤᠭᠠᠷ ᠪᠦᠯᠦᠭ ᠭᠡᠷ᠎ᠡ ᠶᠢ ᠲᠤᠭᠤᠷᠪᠢᠨ ᠪᠢᠴᠢᠬᠦ | ᠵᠢᠷᠭᠤᠳᠤᠭᠠᠷ ᠵᠦᠢᠯ ᠬᠤᠲᠠ ᠶᠢᠨ ᠵᠠᠰᠠᠭ ᠤᠨ ᠣᠷᠳᠣᠨ ᠤ ᠨᠡᠷ᠎ᠡ ᠪᠠᠷ ᠭᠠᠷ ᠤᠨ ᠥᠰᠥᠭ ᠵᠢᠷᠤᠭᠰᠠᠨ | ᠵᠠᠰᠠᠭ ᠤᠨ ᠣᠷᠳᠣᠨ ᠤ ᠭᠡᠷ᠎ᠡ ᠪᠣᠯᠣᠨ ᠬᠤᠲᠠ ᠶᠢᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ᠂ ᠠᠵᠢᠯ | ᠦᠢᠯᠡᠰ ᠤᠨ ᠨᠢᠭᠡᠴᠡ ᠶᠢᠨ ᠭᠠᠷ ᠤᠨ ᠥᠰᠥᠭ ᠵᠢᠷᠤᠭᠰᠠᠨ ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ | ᠢᠨᠵᠧᠨᠧᠷᠢᠩ᠂ ᠨᠡᠶᠢᠭᠡᠮ ᠤᠨ ᠨᠥᠯᠥᠭᠡ ᠪᠠᠷ ᠨᠡᠯᠢᠶᠡᠳ ᠶᠡᠭᠡ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ | ᠲᠤᠰᠠ ᠳᠤ ᠬᠤᠯᠪᠣᠭᠳᠠᠬᠤ᠂ ᠬᠤᠳᠠᠯᠳᠤᠨ ᠠᠪᠬᠤ ᠲᠥᠷᠥᠯ ᠵᠦᠢᠯ ᠤᠨ ᠵᠣᠭᠤᠰ ᠤᠨ ᠲᠤᠭ᠎ᠠ ᠪᠠᠷ ᠨᠡᠯᠢᠶᠡᠳ ᠶᠡᠭᠡ | ᠵᠠᠰᠠᠭ ᠤᠨ ᠣᠷᠳᠣᠨ ᠤ ᠴᠢᠬᠤᠯᠠ ᠶᠡᠭᠡ ᠭᠡᠷ᠎ᠡ ᠶᠢ ᠲᠤᠭᠤᠷᠪᠢᠨ ᠪᠢᠴᠢᠬᠦ ᠳᠤ᠂ ᠤᠷᠢᠳᠠᠪᠠᠷ ᠬᠤᠲᠠ ᠶᠢᠨ ᠵᠠᠰᠠᠭ ᠤᠨ | ᠣᠷᠳᠣᠨ ᠤ ᠭᠤᠣᠯ ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠡᠬᠢᠯᠡᠭᠦᠯᠵᠦ ᠪᠣᠯᠣᠨ᠎ᠠ᠃ ᠵᠠᠰᠠᠭ ᠤᠨ ᠣᠷᠳᠣᠨ ᠤ ᠪᠤᠰᠤᠳ ᠭᠡᠷ᠎ᠡ ᠶᠢ | ᠵᠠᠷᠴᠢᠮ ᠳᠡᠭᠡᠷ᠎ᠡ ᠪᠠᠨ ᠬᠤᠳᠠ ᠶᠢᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ᠂ ᠬᠤᠳᠠ ᠶᠢᠨ ᠬᠠᠷᠢᠶ᠎ᠠ | ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠢ ᠠᠴᠠ ᠲᠤᠭᠤᠷᠪᠢᠨ ᠪᠢᠴᠢᠬᠦ | ᠵᠢᠷᠤᠮᠯᠡᠯ ᠢ ᠡᠭᠢᠯᠡᠬᠦᠯᠪᠡᠯ ᠵᠤᠬᠢᠨ᠎ᠠ᠃ | ᠳᠣᠯᠣᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠶᠢ ᠲᠤᠭᠤᠷᠪᠢᠨ ᠪᠢᠴᠢᠬᠦ ᠳᠤ ᠭᠡᠷ᠎ᠡ ᠶᠢ ᠳᠠᠭᠠᠭᠠᠨ | ᠭᠦᠢᠴᠡᠳᠬᠡᠬᠦ ᠨᠢᠭᠡᠴᠢ ᠶᠢ ᠲᠣᠭᠲᠠᠭᠠᠬᠤ ᠬᠡᠷᠡᠭᠳᠡᠢ᠃ ᠬᠤᠳᠠ ᠶᠢᠨ ᠵᠠᠰᠠᠭ ᠤᠨ ᠣᠷᠳᠣᠨ ᠤ ᠨᠡᠷ᠎ᠡ ᠪᠠᠷ | ᠲᠣᠭᠲᠠᠭᠠᠭᠰᠠᠨ ᠵᠠᠰᠠᠭ ᠤᠨ ᠣᠷᠳᠣᠨ ᠤ ᠭᠡᠷ᠎ᠡ ᠶᠢ ᠪᠣᠯ ᠭᠡᠷ᠎ᠡ ᠶᠢ ᠲᠤᠭᠤᠷᠪᠢᠨ ᠪᠢᠴᠢᠬᠦ ᠠᠵᠢᠯ ᠢ ᠪᠣᠳᠠᠲᠠᠢ | ᠬᠠᠷᠢᠭᠤᠴᠠᠬᠤ ᠪᠤᠶᠤ ᠬᠤᠳᠠ ᠶᠢᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠢᠶᠠᠷ ᠭᠡᠷ᠎ᠡ ᠶᠢ | ᠳᠠᠭᠠᠭᠠᠨ ᠭᠦᠢᠴᠡᠳᠬᠡᠬᠦ ᠨᠢᠭᠡᠴᠡ ᠪᠣᠯᠭᠠᠨ᠎ᠠ᠃ ᠬᠤᠳᠠ ᠶᠢᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ᠂ | ᠬᠤᠳᠠ ᠶᠢᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠡ ᠶᠢᠨ | ᠨᠡᠷ᠎ᠡ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠭᠡᠷ᠎ᠡ ᠶᠢ ᠲᠤᠰ ᠰᠠᠯᠠᠭ᠎ᠠ ᠮᠥᠴᠢᠷ᠂ ᠲᠤᠰ ᠨᠢᠭᠡᠴᠡ ᠪᠠᠷ | ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠪᠣᠯᠭᠠᠨ᠎ᠠ᠃ | ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠠᠴᠠ ᠵᠠᠰᠠᠭ ᠤᠨ ᠣᠷᠳᠣᠨ ᠤ ᠭᠡᠷ᠎ᠡ ᠶᠢ ᠲᠤᠭᠤᠷᠪᠢᠨ ᠪᠢᠴᠢᠬᠦ᠂ | ᠵᠥᠪᠳᠡᠯᠴᠡᠬᠦ᠂ ᠭᠠᠷ ᠤᠨ ᠦᠰᠦᠭ ᠵᠢᠷᠤᠬᠤ᠂ ᠭᠦᠢᠴᠡᠳᠬᠡᠬᠦ᠂ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠠᠵᠢᠯ ᠢ | ᠪᠣᠳᠠᠲᠠᠢ ᠬᠠᠷᠢᠭᠤᠴᠠᠨ᠎ᠠ᠂ ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄ | ︵ᠨᠢᠭᠡ︶ ᠵᠠᠰᠠᠭ ᠤᠨ ᠣᠷᠳᠣᠨ ᠤ ᠭᠡᠷ᠎ᠡ ᠶᠢᠨ ᠲᠥᠷᠥᠯ ᠵᠦᠢᠯ ᠤᠨ ᠪᠠᠶᠢᠴᠠᠭᠠᠨ ᠰᠤᠳᠤᠯᠤᠯᠲᠠ᠂ ᠪᠣᠯᠣᠮᠵᠢᠲᠤ | ᠴᠢᠨᠠᠷ ᠤᠨ ᠨᠤᠲᠠᠯᠠᠯᠲᠠ ᠵᠢᠴᠢ ᠲᠦᠭᠰᠢᠭᠦᠷᠢ ᠶᠢᠨ ᠦᠨᠡᠯᠡᠨ ᠵᠢᠱᠢᠯᠲᠡ ᠶᠢ ᠬᠠᠷᠢᠭᠤᠴᠠᠨ᠎ᠠ᠃ | ︵ᠬᠤᠶᠠᠷ︶ ᠵᠠᠰᠠᠭ ᠤᠨ ᠣᠷᠳᠣᠨ ᠤ ᠭᠡᠷ᠎ᠡ ᠶᠢᠨ ᠨᠥᠭᠦᠭᠡ ᠲᠠᠯ᠎ᠠ ᠶᠢᠨ ᠲᠤᠬᠠᠢ ᠶᠢᠨ ᠬᠥᠮᠥᠨ ᠤ ᠭᠤᠣᠯ | ᠴᠣᠭᠴᠠ ᠶᠢᠨ ᠬᠢᠷᠢ ᠬᠡᠮ᠂ ᠬᠥᠷᠥᠩᠭᠡ ᠢᠲᠡᠭᠡᠮᠵᠢ ᠵᠡᠷᠭᠡ ᠪᠠᠶᠢᠳᠠᠯ ᠢ ᠨᠢ ᠬᠠᠷᠢᠭᠤᠴᠠᠨ ᠪᠠᠶᠢᠴᠠᠭᠠᠵᠤ ᠬᠢᠨᠠᠨ | ᠬᠠᠷᠭᠤᠭᠤᠯᠬᠤ ᠶᠢᠨ ᠬᠠᠮᠲᠤ᠂ ᠬᠤᠯᠪᠤᠭᠳᠠᠯ ᠪᠦᠬᠦᠢ ᠮᠠᠲ᠋ᠧᠷᠢᠶᠠᠯ ᠢ ᠴᠤᠭᠯᠠᠭᠤᠯᠤᠨ᠎ᠠ᠃ | ︵ᠭᠤᠷᠪᠠ︶ ᠵᠠᠰᠠᠭ ᠤᠨ ᠣᠷᠳᠣᠨ ᠤ ᠭᠡᠷ᠎ᠡ ᠶᠢᠨ ᠨᠦᠭᠦᠭᠡ ᠲᠠᠯ᠎ᠠ ᠶᠢᠨ ᠲᠤᠬᠠᠢ ᠶᠢᠨ ᠬᠥᠮᠥᠨ ᠲᠠᠢ | ᠵᠥᠪᠳᠡᠯᠴᠡᠬᠦ᠂ ᠬᠡᠯᠡᠯᠴᠡᠭᠡ ᠬᠢᠬᠦ᠂ ᠭᠡᠷ᠎ᠡ ᠶᠢᠨ ᠪᠢᠴᠢᠭ ᠢ ᠲᠤᠭᠤᠷᠪᠢᠨ ᠪᠢᠴᠢᠬᠦ ᠪᠠ ᠵᠠᠰᠠᠪᠤᠷᠢ ᠣᠷᠣᠭᠤᠯᠬᠤ ᠶᠢ | ᠬᠠᠷᠢᠭᠤᠴᠠᠨ᠎ᠠ᠃ | ︵ᠳᠥᠷᠪᠡ︶ ᠪᠤᠰᠤᠳ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠬᠤᠯᠪᠣᠭᠳᠠᠪᠠᠯ᠂ ᠬᠤᠯᠪᠤᠭᠳᠠᠯ ᠪᠦᠬᠦᠢ | ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠢ᠃ | ︵ᠲᠠᠪᠤ︶ ᠵᠠᠰᠠᠭ ᠤᠨ ᠣᠷᠳᠣᠨ ᠤ ᠭᠡᠷ᠎ᠡ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ | ᠬᠠᠷᠢᠭᠤᠴᠠᠨ᠎ᠠ᠃ | ︵ᠵᠢᠷᠭᠤᠭ᠎ᠠ︶ ᠵᠠᠰᠠᠭ ᠤᠨ ᠣᠷᠳᠣᠨ ᠤ ᠭᠡᠷ᠎ᠡ ᠶᠢ ᠪᠣᠳᠠᠲᠠᠢ ᠪᠠᠷ ᠭᠦᠢᠴᠡᠳᠬᠡᠬᠦ ᠶᠢ ᠬᠠᠷᠢᠭᠤᠴᠠᠵᠤ᠂ | ᠭᠦᠢᠴᠡᠳᠬᠡᠬᠦ ᠶᠠᠪᠤᠴᠠ ᠳᠤ ᠡᠭᠦᠰᠦᠭᠰᠡᠨ ᠵᠢᠭᠤᠷᠠᠯᠳᠤᠭᠠᠨ ᠢ ᠵᠥᠪᠳᠡᠯᠴᠡᠬᠦ᠂ ᠡᠶᠡᠳᠡᠭᠦᠯᠬᠦ᠂ ᠵᠠᠷᠭᠤᠯᠳᠤᠬᠤ ᠵᠡᠷᠭᠡ | ᠠᠷᠭ᠎ᠠ ᠮᠠᠶ᠋ᠢᠭ ᠢᠶᠠᠷ ᠴᠠᠭ ᠲᠤᠬᠠᠢ ᠳᠤᠨᠢ ᠰᠢᠢᠳᠪᠦᠷᠢᠯᠡᠨ᠎ᠡ᠃ | ︵ᠳᠣᠯᠤᠭ᠎ᠠ︶ ᠵᠠᠰᠠᠭ ᠤᠨ ᠣᠷᠳᠣᠨ ᠤ ᠭᠡᠷ᠎ᠡ ᠶᠢᠨ ᠬᠡᠯᠡᠯᠴᠡᠭᠡ ᠬᠢᠬᠦ᠂ ᠲᠣᠭᠲᠠᠭᠠᠬᠤ᠂ ᠭᠦᠢᠴᠡᠳᠬᠡᠬᠦ᠂ | ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠵᠡᠷᠭᠡ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠡᠮᠬᠢᠯᠡᠬᠦ᠂ | ᠲᠠᠩᠰᠠ ᠡᠪᠬᠡᠮᠡᠯ ᠳᠤ ᠣᠷᠣᠭᠤᠯᠬᠤ ᠪᠠ ᠬᠠᠳᠠᠭᠠᠯᠠᠨ ᠬᠠᠮᠢᠶᠠᠷᠬᠤ ᠶᠢ ᠬᠠᠷᠢᠭᠤᠴᠠᠨ᠎ᠠ᠃ | ᠨᠠᠢᠮᠠᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠶᠢ ᠲᠤᠭᠤᠷᠪᠢᠨ ᠪᠢᠴᠢᠬᠦ ᠳᠤ᠂ ᠭᠡᠷ᠎ᠡ ᠶᠢ ᠳᠠᠭᠠᠭᠠᠨ | ᠭᠦᠢᠴᠡᠳᠬᠡᠬᠦ ᠨᠢᠭᠡᠴᠡ ᠨᠢ ᠭᠡᠷ᠎ᠡ ᠶᠢᠨ ᠨᠦᠭᠦᠭᠡ ᠲᠠᠯ᠎ᠠ ᠶᠢᠨ ᠲᠤᠬᠠᠢ ᠶᠢᠨ ᠬᠥᠮᠥᠨ ᠲᠠᠢ ᠭᠦᠢᠴᠡᠳ | ᠵᠥᠪᠳᠡᠯᠴᠡᠬᠦ ᠶᠢᠨ ᠬᠠᠮᠲᠤ ᠬᠠᠤᠯᠢ ᠶᠣᠰᠣᠭᠠᠷ᠂ ᠦᠨᠡᠨᠴᠢ ᠢᠲᠡᠭᠡᠮᠵᠢᠲᠡᠢ᠂ ᠲᠥᠪ ᠭᠤᠣᠯᠴᠢ᠂ ᠰᠠᠶᠢᠨ ᠳᠤᠷ᠎ᠠ ᠶᠢᠨ | ᠪᠠᠶᠢᠬᠤ ᠵᠠᠷᠴᠢᠮ ᠶᠣᠰᠣᠭᠠᠷ ᠪᠢᠴᠢᠭ ᠤᠨ ᠬᠡᠯᠪᠡᠷᠢ ᠪᠠᠷ ᠭᠡᠷ᠎ᠡ ᠶᠢ ᠲᠤᠭᠤᠷᠪᠢᠨ ᠪᠢᠴᠢᠬᠦ ᠬᠡᠷᠡᠭᠲᠡᠢ᠃ | ᠶᠢᠰᠦᠳᠦᠭᠡᠷ ᠵᠦᠢᠯ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠨᠢ ᠬᠤᠲᠠ ᠶᠢᠨ ᠵᠠᠰᠠᠭ ᠤᠨ ᠣᠷᠳᠣᠨ ᠤ | ᠨᠡᠷ᠎ᠡ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠭᠡᠷ᠎ᠡ ᠶᠢ ᠲᠤᠭᠤᠷᠪᠢᠨ ᠪᠢᠴᠢᠬᠦ ᠳᠤ᠂ ᠠᠭᠤᠯᠭ᠎ᠠ ᠨᠢ ᠪᠤᠰᠤᠳ | ᠰᠠᠯᠠᠭ᠎ᠠ ᠮᠥᠴᠢᠷ᠂ ᠨᠢᠭᠡᠴᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠪᠠᠯ᠂ ᠬᠤᠯᠪᠤᠭᠳᠠᠯ | ᠪᠦᠬᠦᠢ ᠰᠠᠯᠠᠭ᠎ᠠ ᠮᠥᠴᠢᠷ᠂ ᠨᠢᠭᠡᠴᠡ ᠶᠢᠨ ᠰᠠᠨᠠᠯ ᠢ ᠬᠤᠷᠢᠶᠠᠬᠤ ᠬᠡᠷᠡᠭᠲᠡᠢ᠃ ᠰᠠᠨᠠᠯ ᠤᠨ ᠵᠥᠷᠢᠯᠳᠦᠭᠡᠨ ᠢᠶᠠᠷ ᠨᠡᠯᠢᠶᠡᠳ | ᠶᠡᠭᠡ ᠪᠠᠶᠢᠪᠠᠯ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠣᠬᠢᠴᠠᠭᠤᠯᠵᠤ ᠪᠣᠯᠣᠨ᠎ᠠ᠃ | ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠶᠢᠨ ᠲᠤᠭᠤᠷᠪᠢᠭᠰᠠᠨ ᠵᠠᠰᠠᠭ ᠤᠨ ᠣᠷᠳᠣᠨ ᠤ ᠭᠡᠷ᠎ᠡ ᠶᠢᠨ | ᠠᠭᠤᠯᠭ᠎ᠠ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠳᠤ ᠬᠤᠯᠪᠣᠭᠳᠠᠪᠠᠯ᠂ ᠤᠯᠤᠰ ᠤᠨ | ᠥᠮᠴᠢᠯᠡᠯᠲᠦ ᠡᠳ᠋ ᠬᠥᠷᠥᠩᠭᠡ᠂ ᠡᠳ᠋ ᠤᠨ ᠵᠠᠰᠠᠭ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ | ᠬᠤᠷᠢᠶᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠤᠯᠢ︾ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠤᠭᠳᠠᠯ ᠪᠦᠬᠦᠢ ᠲᠣᠭᠲᠠᠭᠠᠯ | ᠶᠣᠰᠣᠭᠠᠷ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠦᠨᠡᠯᠡᠨ ᠵᠢᠱᠢᠬᠦ᠂ ᠰᠢᠢᠳᠪᠦᠷᠢᠯᠡᠬᠦ ᠵᠡᠷᠭᠡ ᠲᠠᠰ | ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ | ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠶᠢᠨ ᠲᠤᠭᠤᠷᠪᠢᠭᠰᠠᠨ ᠵᠠᠰᠠᠭ ᠤᠨ ᠣᠷᠳᠣᠨ ᠤ ᠭᠡᠷ᠎ᠡ ᠶᠢᠨ | ᠠᠭᠤᠯᠭ᠎ᠠ ᠨᠢ ᠪᠡᠯᠡ ᠮᠥᠩᠭᠦ ᠶᠢ ᠳ᠋ᠦᠩᠨᠡᠨ ᠪᠤᠳᠤᠬᠤ ᠳᠤ ᠬᠤᠯᠪᠣᠭᠳᠠᠬᠤ ᠪᠥᠭᠡᠳ ᠬᠠᠤᠯᠢ ᠶᠣᠰᠣᠭᠠᠷ ᠬᠢᠨᠠᠨ | ᠪᠤᠳᠤᠬᠤ ᠬᠢᠨᠠᠯᠲᠠ ᠶᠢ ᠬᠦᠯᠢᠶᠡᠬᠦ ᠴᠢᠬᠤᠯᠠᠲᠠᠢ ᠪᠠᠶᠢᠪᠠᠯ᠂ ᠡᠯ᠎ᠡ ᠲᠠᠯ᠎ᠠ ᠶᠢᠨ ᠲᠤᠬᠠᠢ ᠶᠢᠨ ᠬᠥᠮᠥᠨ ᠵᠥᠪᠳᠡᠯᠴᠡᠭᠡᠳ | ᠰᠠᠨᠠᠯ ᠨᠢᠭᠡᠳᠴᠦ᠂ ᠭᠡᠷ᠎ᠡ ᠳᠡᠭᠡᠨ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠨ ᠪᠤᠳᠤᠭᠰᠠᠨ ᠦᠷ᠎ᠡ | ᠳ᠋ᠦᠩ ᠢᠶᠠᠷ ᠳ᠋ᠦᠩᠨᠡᠨ ᠪᠤᠳᠤᠬᠤ ᠦᠨᠳᠦᠰᠦᠯᠡᠯ ᠪᠣᠯᠭᠠᠬᠤ ᠪᠠᠷ ᠪᠣᠯᠵᠣᠨ ᠲᠤᠭᠳᠠᠭᠠᠬᠤ ᠬᠡᠷᠡᠭᠳᠡᠢ᠃ | ᠠᠷᠪᠠᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠶᠢᠨ ᠪᠢᠴᠢᠭ ᠲᠤ ᠡᠩ ᠤᠨ ᠪᠠᠶᠢᠳᠠᠯ ᠳᠤ ᠳᠣᠣᠷᠠᠬᠢ | ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠳᠡᠢ᠄ | ︵ᠨᠢᠭᠡ︶ ᠭᠡᠷ᠎ᠡ ᠶᠢᠨ ᠲᠤᠬᠠᠢ ᠶᠢᠨ ᠬᠥᠮᠥᠨ ᠤ ᠦᠨᠳᠦᠰᠦᠨ ᠮᠡᠳᠡᠭᠡ ᠵᠠᠩᠭᠢ ︵ᠪᠠᠶᠢᠭᠠᠯᠢ ᠬᠥᠮᠥᠨ ᠪᠤᠯ ᠣᠪᠣᠭ | ᠨᠡᠷ᠎ᠡ᠂ ᠣᠷᠣᠨ ᠰᠠᠭᠤᠴᠠ᠂ ᠪᠡᠶ᠎ᠡ ᠶᠢᠨ ᠦᠨᠡᠮᠯᠡᠯ ᠤᠨ ᠨᠣᠮᠧᠷ᠂ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ | ᠪᠠᠭᠲᠠᠭᠠᠭᠰᠠᠨ ᠪᠠᠶᠢᠬᠤ ᠬᠡᠷᠡᠭᠲᠡᠢ︔ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠪᠤᠯ ᠨᠡᠷᠡᠶᠢᠳᠦᠯ᠂ | ᠣᠷᠣᠨ ᠰᠠᠭᠤᠴᠠ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠨᠣᠮᠧᠷ᠂ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠲᠤᠰᠢᠶᠠᠯ᠂ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠪᠠᠭᠲᠠᠭᠠᠭᠰᠠᠨ | ᠪᠠᠶᠢᠬᠤ ᠬᠡᠷᠡᠭᠲᠡᠢ︶᠃ | ︵ᠬᠤᠶᠠᠷ︶ ᠬᠠᠷᠠᠯᠲᠠ᠂ ᠲᠤᠭ᠎ᠠ ᠬᠡᠮᠵᠢᠶ᠎ᠡ᠂ ᠶᠠᠰᠤ ᠴᠢᠨᠠᠷ᠃ | ︵ᠭᠤᠷᠪᠠ︶ ᠦᠨ᠎ᠡ ᠶᠢᠨ ᠮᠥᠩᠭᠦ ᠪᠤᠶᠤ ᠬᠥᠯᠥᠰᠦ ᠬᠠᠷᠠᠮᠵᠢ᠃ | ︵ᠳᠥᠷᠪᠡ︶ ᠬᠤᠶᠠᠷ ᠡᠲᠡᠭᠡᠳ ᠤᠨ ᠡᠷᠬᠡ ᠡᠭᠦᠷᠭᠡ᠃ | ︵ᠲᠠᠪᠤ︶ ᠭᠦᠢᠴᠡᠳᠬᠡᠬᠦ ᠬᠤᠭᠤᠴᠠᠭ᠎ᠠ᠂ ᠭᠠᠵᠠᠷ ᠣᠷᠣᠨ ᠪᠠ ᠠᠷᠭ᠎ᠠ ᠮᠠᠶ᠋ᠢᠭ᠃ | ︵ᠵᠢᠷᠭᠤᠭ᠎ᠠ︶ ᠭᠡᠷ᠎ᠡ ᠬᠦᠴᠦᠨ ᠲᠠᠢ ᠪᠣᠯᠬᠤ᠂ ᠬᠤᠪᠢᠷᠠᠭᠤᠯᠬᠤ᠂ ᠬᠦᠴᠦᠨ ᠦᠭᠡᠢ ᠪᠤᠯᠭᠠᠬᠤ ᠵᠢᠴᠢ | ᠳᠠᠭᠤᠰᠬᠠᠬᠤ ᠵᠦᠢᠯ ᠵᠤᠷᠪᠤᠰ᠃ | ︵ᠲᠤᠯᠤᠭ᠎ᠠ︶ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ | ︵ᠨᠠᠢᠮᠠ︶ ᠵᠢᠭᠤᠷᠠᠯᠳᠤᠭᠠᠨ ᠢ ᠰᠢᠢᠳᠪᠦᠷᠢᠯᠡᠬᠦ ᠠᠷᠭ᠎ᠠ | ︵ᠶᠢᠰᠦ︶ ᠭᠡᠷ᠎ᠡ ᠶᠢᠨ ᠲᠤᠬᠠᠢ ᠶᠢᠨ ᠬᠥᠮᠥᠨ ᠤ ᠪᠣᠯᠵᠣᠨ ᠲᠣᠭᠲᠠᠭᠠᠬᠤ ᠴᠢᠬᠤᠯᠠᠲᠠᠢ ᠭᠡᠵᠦ ᠦᠵᠡᠭᠰᠡᠨ | ᠪᠤᠰᠤᠳ ᠠᠭᠤᠯᠭ᠎ᠠ᠃ | ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ ᠢ | ᠲᠣᠭᠲᠠᠭᠠᠭᠰᠠᠨ ᠪᠠᠶᠢᠪᠠᠯ᠂ ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ ᠢ ᠡᠩ ᠲᠡᠷᠢᠭᠦᠨ ᠳᠤ ᠬᠡᠷᠡᠭᠯᠡᠬᠦ ᠶᠢᠨ ᠬᠠᠮᠲᠤ | ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ ᠤᠨ ᠰᠠᠭᠤᠷᠢᠨ ᠳᠡᠭᠡᠷ᠎ᠡ ᠭᠦᠢᠴᠡᠳ ᠵᠥᠪᠳᠡᠯᠴᠡᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠭᠡᠷ᠎ᠡ ᠶᠢᠨ ᠠᠭᠤᠯᠭ᠎ᠠ ᠨᠢ ᠤᠯᠤᠰ ᠤᠨ ᠨᠢᠭᠤᠴᠠ ᠪᠠ | ᠬᠤᠳᠠᠯᠳᠤᠭᠠᠨ ᠤ ᠨᠢᠭᠤᠴᠠ ᠳᠤ ᠬᠤᠯᠪᠣᠭᠳᠠᠪᠠᠯ᠂ ᠨᠢᠭᠤᠴᠠ ᠶᠢ ᠬᠠᠮᠠᠭᠠᠯᠠᠬᠤ ᠵᠦᠢᠯ ᠵᠤᠷᠪᠤᠰ ᠢ ᠪᠣᠯᠵᠣᠨ | ᠲᠣᠭᠲᠠᠬᠤ ᠶᠢᠨ ᠬᠠᠮᠲᠤ ᠲᠣᠭᠲᠠᠭᠠᠯ ᠶᠣᠰᠣᠭᠠᠷ ᠴᠢᠬᠤᠯᠠ ᠪᠦᠬᠦᠢ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ | ᠠᠪᠬᠤ ᠬᠡᠷᠡᠭᠲᠡᠢ᠃ ᠵᠥᠪᠳᠡᠯᠴᠡᠬᠦ᠂ ᠲᠤᠭᠤᠷᠪᠢᠨ ᠪᠢᠴᠢᠬᠦ ᠳᠤ ᠣᠷᠣᠯᠴᠠᠬᠤ ᠬᠥᠮᠥᠰ ᠵᠠᠰᠠᠭ ᠤᠨ ᠣᠷᠳᠣᠨ ᠤ | ᠭᠡᠷ᠎ᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠪᠠ ᠮᠠᠲ᠋ᠧᠷᠢᠶᠠᠯ ᠢ ᠳᠤᠷ᠎ᠠ ᠪᠠᠷ ᠢᠶᠠᠨ ᠭᠠᠳᠠᠭᠰᠢ ᠨᠡᠶᠢᠲᠡᠯᠡᠬᠦ ᠪᠤᠶᠤ | ᠪᠤᠰᠤᠳ ᠲᠤ ᠬᠠᠩᠭᠠᠵᠤ ᠪᠣᠯᠬᠤ ᠦᠭᠡᠢ᠃ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠲᠥᠷᠥ ᠶᠢᠨ ᠪᠣᠳᠣᠯᠭ᠎ᠠ᠂ ᠴᠢᠬᠤᠯᠠ ᠶᠡᠭᠡ ᠲᠥᠷᠥᠯ | ᠵᠦᠢᠯ ᠤᠨ ᠲᠣᠬᠢᠷᠠᠭᠤᠯᠤᠯᠲᠠ᠂ ᠶᠡᠭᠡ ᠲᠣᠭᠠᠨ ᠤ ᠪᠡᠯᠡ ᠮᠥᠩᠭᠦ ᠶᠢᠨ ᠬᠡᠷᠡᠭᠯᠡᠯᠲᠡ ᠳᠤ ᠬᠤᠯᠪᠣᠭᠳᠠᠬᠤ ᠴᠢᠬᠤᠯᠠ | ᠶᠡᠭᠡ ᠭᠡᠷ᠎ᠡ ᠶᠢ ᠭᠡᠷ᠎ᠡ ᠳᠠᠭᠠᠭᠠᠨ ᠭᠦᠢᠴᠡᠳᠬᠡᠬᠦ ᠨᠢᠭᠡᠴᠡ ᠨᠢ ᠲᠤᠰᠬᠠᠢ ᠪᠠᠶᠢᠭᠤᠯᠤᠮᠵᠢ ᠳᠤ ᠨᠠᠶᠢᠳᠠᠵᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠴᠠᠭᠠᠯᠲᠠ ᠬᠢᠯᠭᠡᠬᠦ ᠪᠤᠶᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠯᠭᠡᠬᠦ | ᠬᠡᠷᠡᠭᠲᠡᠢ᠂ ᠴᠢᠬᠤᠯᠠ ᠲᠠᠢ ᠦᠶ᠎ᠡ ᠳᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠨᠤᠲᠠᠯᠠᠯᠲᠠ ᠳᠤ | ᠣᠷᠣᠯᠴᠠᠭᠤᠯᠵᠤ ᠪᠣᠯᠣᠨ᠎ᠠ᠃ | ᠠᠷᠪᠠᠨ ᠬᠤᠶᠠᠳᠤᠭᠠᠷ ᠵᠦᠢᠯ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠨᠢ ᠵᠠᠰᠠᠭ ᠤᠨ ᠣᠷᠳᠣᠨ ᠤ | ᠭᠡᠷ᠎ᠡ ᠶᠢ ᠲᠤᠭᠤᠷᠪᠢᠨ ᠪᠢᠴᠢᠬᠦ ᠳᠡᠭᠡᠨ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠴᠠᠭᠠᠵᠠᠯᠠᠨ᠎ᠠ᠄ | ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠥᠨ ᠤ ᠬᠢᠷᠢ ᠬᠡᠮ ᠢ ᠪᠦᠷᠢᠯᠳᠦᠭᠦᠯᠦᠭᠰᠡᠨ ᠦᠭᠡᠢ | ᠳᠣᠲᠣᠭᠠᠳᠤ ᠪᠠᠶᠢᠭᠤᠯᠤᠮᠵᠢ᠂ ᠲᠦᠷ ᠴᠠᠭ ᠤᠨ ᠪᠠᠶᠢᠭᠤᠯᠤᠮᠵᠢ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ | ᠵᠡᠷᠭᠡ ᠶᠢ ᠨᠢᠭᠡ ᠲᠠᠯ᠎ᠠ ᠶᠢᠨ ᠲᠤᠬᠠᠢ ᠶᠢᠨ ᠬᠥᠮᠥᠨ ᠤ ᠬᠤᠪᠢ ᠪᠠᠷ ᠭᠡᠷ᠎ᠡ ᠲᠣᠭᠲᠠᠭᠠᠬᠤ᠃ | ︵ᠬᠤᠶᠠᠷ︶ ᠬᠠᠤᠯᠢ ᠳᠤ ᠲᠣᠭᠲᠠᠭᠠᠭᠰᠠᠨ ᠨᠥᠬᠦᠴᠡᠯ᠂ ᠬᠠᠤᠯᠢ ᠳᠤ ᠲᠣᠭᠲᠠᠭᠠᠭᠰᠠᠨ ᠵᠢᠷᠤᠮ ᠢ ᠵᠥᠷᠢᠴᠡᠨ | ᠭᠡᠷ᠎ᠡ ᠶᠢ ᠲᠤᠭᠤᠷᠪᠢᠨ ᠪᠢᠴᠢᠬᠦ᠂ ᠬᠤᠪᠢᠷᠠᠭᠤᠯᠬᠤ᠃ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ᠂ ᠰᠢᠭᠤᠳ ᠪᠤᠶᠤ ᠲᠠᠮ | ᠠᠷᠭ᠎ᠠ ᠮᠠᠶ᠋ᠢᠭ ᠢᠶᠠᠷ ᠳᠠᠭᠠᠭᠠᠯᠲᠠ ᠬᠠᠩᠭᠠᠬᠤ᠃ | ︵ᠳᠥᠷᠪᠡ︶ ᠨᠦᠬᠦᠭᠡ ᠲᠠᠯ᠎ᠠ ᠶᠢᠨ ᠲᠤᠬᠠᠢ ᠶᠢᠨ ᠬᠥᠮᠥᠨ ᠪᠤᠶᠤ ᠭᠤᠷᠪᠠᠳᠠᠭᠢ ᠬᠥᠮᠥᠨ ᠤ ᠳᠤᠷᠠᠳᠤᠭᠰᠠᠨ | ᠬᠠᠤᠯᠢ ᠳᠤ ᠦᠯᠦ ᠨᠡᠶᠢᠴᠡᠬᠦ᠂ ᠵᠦᠢ ᠵᠣᠬᠢᠰ ᠦᠭᠡᠢ ᠱᠠᠭᠠᠷᠳᠠᠯᠭ᠎ᠠ ᠶᠢ ᠠᠮᠠᠯᠠᠬᠤ᠃ | ︵ᠲᠠᠪᠤ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠬᠤ᠃ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ ᠵᠥᠷᠢᠴᠡᠭᠰᠡᠨ ᠪᠤᠶᠤ | ᠤᠯᠤᠰ ᠣᠷᠣᠨ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠪᠤᠰᠤᠳ ᠪᠣᠯᠵᠣᠯ᠃ | ᠠᠷᠪᠠᠨ ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠶᠢᠨ ᠠᠭᠤᠯᠭ᠎ᠠ ᠨᠢ ᠲᠦᠷᠢᠶᠡᠰᠦᠯᠡᠭᠦᠯᠬᠦ᠂ | ᠳᠠᠭᠠᠭᠠᠴᠢᠯᠠᠭᠤᠯᠬᠤ ᠵᠡᠷᠭᠡ ᠤᠴᠢᠷ ᠶᠠᠪᠤᠳᠠᠯ ᠳᠤ ᠬᠤᠯᠪᠣᠭᠳᠠᠪᠠᠯ᠂ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠨᠢ | ᠨᠦᠭᠦᠭᠡ ᠲᠠᠯ᠎ᠠ ᠶᠢᠨ ᠲᠤᠬᠠᠢ ᠶᠢᠨ ᠬᠥᠮᠥᠨ ᠲᠠᠢ ᠲᠦᠷᠢᠶᠡᠰᠦᠯᠡᠭᠦᠯᠬᠦ᠂ ᠳᠠᠭᠠᠭᠠᠴᠢᠯᠠᠭᠤᠯᠬᠤ ᠬᠤᠭᠤᠴᠠᠭ᠎ᠠ ᠶᠢ ᠵᠦᠢ | ᠵᠣᠬᠢᠰᠲᠠᠢ ᠪᠠᠷ ᠪᠣᠯᠵᠣᠨ ᠲᠣᠭᠲᠠᠭᠠᠬᠤ ᠬᠡᠷᠡᠭᠲᠡᠢ᠂ ᠡ᠊ᠩ ᠤᠨ ᠪᠠᠶᠢᠳᠠᠯ ᠳᠤ ᠪᠣᠯᠵᠣᠨ ᠲᠣᠭᠲᠠᠬᠤ ᠬᠤᠭᠤᠴᠠᠭ᠎ᠠ ᠶᠢ | ᠵᠠᠷᠴᠢᠮ ᠳᠡᠭᠡᠷ᠎ᠡ ᠪᠠᠨ ᠭᠤᠷᠪᠠᠨ ᠵᠢᠯ ᠠᠴᠠ ᠬᠡᠲᠦᠷᠡᠭᠦᠯᠬᠦ ᠦᠭᠡᠢ᠃ ᠬᠠᠤᠯᠢ ᠴᠠᠭᠠᠵᠠ ᠳᠤ ᠠᠰᠲᠠᠭᠠᠨ | ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠡ᠊ᠩ ᠤᠨ ᠪᠠᠶᠢᠳᠠᠯ ᠳᠤ 10 ᠵᠢᠯ ᠠᠴᠠ ᠳᠡᠭᠡᠭᠰᠢ ᠤᠷᠳᠤ | ᠬᠤᠭᠤᠴᠠᠭᠠᠨ ᠤ ᠭᠡᠷ᠎ᠡ ᠶᠢ ᠨᠢᠭᠡ ᠯᠡ ᠤᠳᠠᠭ᠎ᠠ ᠳᠤ ᠲᠣᠭᠲᠠᠭᠠᠵᠤ ᠪᠣᠯᠬᠤ ᠦᠭᠡᠢ᠂ ᠬᠤᠭᠤᠴᠠᠭ᠎ᠠ ᠨᠢ ᠳᠦᠭᠦᠷᠦᠭᠡᠳ | ᠨᠥᠬᠦᠴᠡᠯ ᠳᠤ ᠨᠡᠶᠢᠴᠡᠭᠰᠡᠨ ᠪᠠᠶᠢᠳᠠᠯ ᠳᠣᠣᠷ᠎ᠠ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠵᠥᠪᠳᠡᠯᠴᠡᠭᠡᠳ | ᠦᠷᠭᠦᠯᠵᠢᠯᠡᠨ ᠲᠣᠭᠲᠠᠭᠠᠵᠤ ᠪᠣᠯᠣᠨ᠎ᠠ᠃ | ᠠᠷᠪᠠᠨ ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠭᠡᠷ᠎ᠡ ᠨᠢ ᠵᠠᠷᠭᠤᠯᠳᠤᠬᠤ ᠬᠡᠯᠪᠡᠷᠢ ᠪᠠᠷ | ᠵᠢᠭᠤᠷᠠᠯᠳᠤᠭᠠᠨ ᠢ ᠰᠢᠢᠳᠪᠦᠷᠢᠯᠡᠬᠦ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠶᠢ ᠭᠠᠷᠭᠠᠪᠠᠯ᠂ ᠡᠩ ᠤᠨ ᠪᠠᠶᠢᠳᠠᠯ ᠳᠤ ᠦᠬᠠᠢ ᠬᠤᠳᠠ ᠶᠢᠨ ᠠᠷᠠᠳ ᠤᠨ ᠰᠢᠭᠦᠬᠦ ᠬᠤᠷᠢᠶ᠎ᠠ ᠪᠠᠷ | ᠬᠠᠮᠢᠶᠠᠷᠤᠭᠤᠯᠤᠨ᠎ᠠ ᠭᠡᠵᠦ ᠪᠣᠯᠵᠣᠨ ᠲᠣᠭᠲᠠᠨ᠎ᠠ᠃ ᠭᠠᠳᠠᠭᠠᠳᠤ ᠳᠤ ᠬᠤᠯᠪᠣᠭᠳᠠᠬᠤ ᠵᠠᠰᠠᠭ ᠤᠨ ᠣᠷᠳᠣᠨ ᠤ | ᠭᠡᠷ᠎ᠡ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢ ᠬᠡᠷᠡᠭᠯᠡᠬᠦ ᠪᠠᠷ ᠲᠣᠳᠣᠷᠬᠠᠢ | ᠪᠣᠯᠵᠣᠨ ᠲᠣᠭᠲᠠᠭᠠᠬᠤ ᠬᠡᠷᠡᠭᠲᠡᠢ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ᠂ ᠬᠢᠯᠢ ᠶᠢᠨ ᠭᠠᠳᠠᠨᠠᠬᠢ ᠰᠢᠭᠦᠬᠦ | ᠬᠤᠷᠢᠶ᠎ᠠ ᠪᠤᠶᠤ ᠵᠢᠭᠤᠷᠠᠯᠳᠤᠭᠠᠨ ᠢ ᠰᠢᠢᠳᠪᠦᠷᠢᠯᠡᠬᠦ ᠪᠤᠰᠤᠳ ᠪᠠᠶᠢᠭᠤᠯᠤᠮᠵᠢ ᠪᠠᠷ ᠬᠠᠷᠢᠶᠠᠯᠠᠭᠤᠯᠬᠤ ᠪᠠᠷ ᠪᠣᠯᠵᠣᠨ | ᠲᠣᠭᠲᠠᠭᠠᠵᠤ ᠪᠣᠯᠬᠤ ᠦᠭᠡᠢ᠃ | ᠭᠤᠷᠪᠠᠳᠤᠭᠠᠷ ᠪᠦᠯᠦᠭ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠳᠠᠩᠰᠠᠯᠠᠭᠤᠯᠬᠤ | ᠠᠷᠪᠠᠨ ᠲᠠᠪᠤᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠳᠤ ᠬᠠᠤᠯᠢ ᠶᠣᠰᠣᠨ ᠤ ᠬᠢᠨᠠᠨ ᠪᠠᠶᠢᠴᠠᠭᠠᠬᠤ | ᠳᠦᠷᠢᠮ ᠢ ᠬᠡᠷᠡᠭᠵᠢᠭᠦᠯᠦᠨ᠎ᠡ᠃ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠦᠭᠡᠢ ᠪᠤᠶᠤ | ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠭᠡᠳ ᠪᠠᠲᠤᠯᠠᠭᠳᠠᠭᠰᠠᠨ ᠦᠭᠡᠢ ᠭᠡᠷ᠎ᠡ ᠶᠢ | ᠲᠣᠭᠲᠠᠭᠠᠵᠤ ᠪᠣᠯᠬᠤ ᠦᠭᠡᠢ᠃ | ᠠᠷᠪᠠᠨ ᠵᠢᠷᠭᠤᠳᠤᠭᠠᠷ ᠵᠦᠢᠯ ᠡᠩ ᠤᠨ ᠵᠠᠰᠠᠭ ᠤᠨ ᠣᠷᠳᠣᠨ ᠤ ᠭᠡᠷ᠎ᠡ ᠪᠣᠯᠣᠨ ᠴᠢᠬᠤᠯᠠ ᠶᠡᠭᠡ ᠵᠠᠰᠠᠭ ᠤᠨ | ᠣᠷᠳᠣᠨ ᠤ ᠭᠡᠷ᠎ᠡ ᠶᠢ ᠴᠥᠮ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠶᠢᠨ ᠳᠣᠲᠣᠭᠠᠳᠤ ᠳᠤ ᠪᠠᠶᠢᠭᠤᠯᠤᠭᠰᠠᠨ | ᠬᠠᠤᠯᠢ ᠳᠦᠷᠢᠮ ᠤᠨ ᠪᠠᠶᠢᠭᠤᠯᠤᠮᠵᠢ ᠪᠤᠶᠤ ᠤᠷᠢᠨ ᠬᠡᠷᠡᠭᠯᠡᠭᠰᠡᠨ ᠬᠠᠤᠯᠢ ᠴᠠᠭᠠᠵᠠ ᠶᠢᠨ ᠵᠥᠪᠯᠡᠭᠴᠢ ᠠᠴᠠ ᠬᠠᠤᠯᠢ | ᠶᠣᠰᠣᠨ ᠤ ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ᠃ ᠭᠡᠷ᠎ᠡ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠢ | ᠡᠩ ᠤᠨ ᠵᠠᠰᠠᠭ ᠤᠨ ᠣᠷᠳᠣᠨ ᠤ ᠭᠡᠷ᠎ᠡ ᠪᠠ ᠴᠢᠬᠤᠯᠠ ᠶᠡᠭᠡ ᠵᠠᠰᠠᠭ ᠤᠨ ᠣᠷᠳᠣᠨ ᠤ ᠭᠡᠷ᠎ᠡ ᠶᠢᠨ ᠬᠠᠤᠯᠢ ᠶᠣᠰᠣᠴᠢ | ᠴᠢᠨᠠᠷ ᠲᠤ ᠭᠤᠣᠯ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ᠂ ᠨᠡᠶᠢᠭᠡᠮ ᠤᠨ ᠨᠥᠯᠥᠭᠡ ᠪᠠᠷ ᠨᠡᠯᠢᠶᠡᠳ | ᠶᠡᠭᠡ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ᠂ ᠬᠤᠳᠠᠯᠳᠤᠨ ᠠᠪᠬᠤ ᠲᠥᠷᠥᠯ | ᠵᠦᠢᠯ ᠤᠨ ᠵᠣᠭᠤᠰ ᠤᠨ ᠲᠤᠭ᠎ᠠ ᠪᠠᠷ ᠨᠡᠯᠢᠶᠡᠳ ᠶᠡᠭᠡ ᠵᠠᠰᠠᠭ ᠤᠨ ᠣᠷᠳᠣᠨ ᠤ ᠴᠢᠬᠤᠯᠠ ᠶᠡᠭᠡ ᠭᠡᠷ᠎ᠡ ᠳᠤ᠂ | ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠲᠤᠰᠬᠠᠢ ᠲᠤᠰᠢᠶᠠᠯᠲᠤ ᠬᠠᠤᠯᠢᠴᠢ ᠶᠢᠨ ᠪᠦᠯᠬᠦᠮ ᠢ ᠵᠣᠬᠢᠶᠠᠨ | ᠪᠠᠶᠢᠭᠤᠯᠵᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃ | ᠠᠷᠪᠠᠨ ᠳᠣᠯᠣᠳᠤᠭᠠᠷ ᠵᠦᠢᠯ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠶᠢᠨ ᠬᠠᠤᠯᠢ ᠶᠣᠰᠣᠴᠢ ᠴᠢᠨᠠᠷ | ᠤᠨ ᠬᠢᠨᠠᠨ ᠪᠠᠶᠢᠴᠠᠭᠠᠯᠲᠠ ᠶᠢᠨ ᠠᠭᠤᠯᠭ᠎ᠠ ᠳᠤ ᠭᠤᠣᠯᠳᠠᠭᠤ᠄ | ︵ᠨᠢᠭᠡ︶ ᠭᠡᠷ᠎ᠡ ᠲᠣᠭᠲᠠᠭᠠᠭᠰᠠᠨ ᠪᠡᠶᠡᠴᠢ ᠴᠣᠭᠴᠠ ᠨᠢ ᠬᠢᠷᠢ ᠬᠡᠮ ᠳᠤ ᠨᠡᠶᠢᠴᠡᠬᠦ ᠡᠰᠡᠬᠦ᠃ | ︵ᠬᠤᠶᠠᠷ︶ ᠭᠡᠷ᠎ᠡ ᠶᠢ ᠲᠤᠭᠤᠷᠪᠢᠨ ᠪᠢᠴᠢᠬᠦ ᠪᠠ ᠲᠣᠭᠲᠠᠭᠠᠬᠤ ᠵᠢᠷᠤᠮ ᠨᠢ ᠬᠠᠤᠯᠢ ᠳᠤ ᠨᠡᠶᠢᠴᠡᠬᠦ ᠡᠰᠡᠬᠦ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠦᠨ᠎ᠡ ᠬᠠᠶᠠᠨ ᠬᠤᠳᠠᠯᠳᠤᠬᠤ᠂ ᠫᠠᠶᠢᠰᠠ ᠡᠯᠭᠦᠬᠦ ᠵᠡᠷᠭᠡ | ᠥᠷᠢᠰᠦᠯᠳᠦᠭᠡᠨ ᠤ ᠴᠢᠨᠠᠷᠲᠠᠢ ᠵᠢᠷᠤᠮ ᠢ ᠬᠠᠤᠯᠢ ᠶᠣᠰᠣᠭᠠᠷ ᠭᠦᠢᠴᠡᠳᠬᠡᠭᠰᠡᠨ ᠡᠰᠡᠬᠦ᠃ | ︵ᠭᠤᠷᠪᠠ︶ ᠭᠡᠷ᠎ᠡ ᠲᠣᠭᠲᠠᠭᠠᠬᠤ ᠠᠴᠠ ᠡᠮᠦᠨ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢᠨ | ᠰᠠᠨᠠᠯ ᠢ ᠬᠤᠷᠢᠶᠠᠭᠰᠠᠨ ᠡᠰᠡᠬᠦ᠃ | ︵ᠳᠥᠷᠪᠡ︶ ᠭᠡᠷ᠎ᠡ ᠶᠢᠨ ᠠᠭᠤᠯᠭ᠎ᠠ ᠨᠢ ᠢᠯᠡᠳᠲᠡ ᠭᠤᠣᠯᠴᠢ ᠪᠤᠰᠤ ᠪᠣᠯᠤᠭᠰᠠᠨ ᠡᠰᠡᠬᠦ᠂ ᠪᠣᠯᠵᠣᠨ | ᠲᠣᠭᠲᠠᠭᠰᠠᠨ ᠡᠷᠬᠡ ᠡᠭᠦᠷᠭᠡ ᠨᠢ ᠲᠣᠳᠣᠷᠬᠠᠢ᠂ ᠲᠡᠩᠴᠡᠭᠦᠦ ᠪᠠᠶᠢᠬᠤ ᠡᠰᠡᠬᠦ᠃ | ︵ᠲᠠᠪᠤ︶ ᠭᠡᠷ᠎ᠡ ᠶᠢᠨ ᠭᠤᠣᠯ ᠵᠦᠢᠯ ᠵᠤᠷᠪᠤᠰ ᠨᠢ ᠪᠦᠷᠢᠨ ᠭᠦᠢᠴᠡᠳ ᠪᠠᠶᠢᠬᠤ ᠡᠰᠡᠬᠦ᠂ ᠵᠢᠭᠤᠷᠠᠯᠳᠤᠭᠠᠨ ᠢ | ᠰᠢᠢᠳᠪᠦᠷᠢᠯᠡᠬᠦ᠂ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠵᠢᠴᠢ ᠨᠢᠭᠤᠴᠠ ᠶᠢ ᠬᠠᠮᠠᠭᠠᠯᠠᠬᠤ ᠵᠡᠷᠭᠡ ᠵᠦᠢᠯ ᠵᠤᠷᠪᠤᠰ ᠢ | ᠪᠣᠯᠵᠣᠨ ᠲᠣᠭᠲᠠᠭᠰᠠᠨ ᠡᠰᠡᠬᠦ᠃ | ︵ᠵᠢᠷᠭᠤᠭ᠎ᠠ︶ ᠭᠡᠷ᠎ᠡ ᠶᠢᠨ ᠠᠭᠤᠯᠭ᠎ᠠ ᠨᠢ ᠬᠠᠤᠯᠢ ᠳᠤ ᠨᠡᠶᠢᠴᠡᠬᠦ ᠡᠰᠡᠬᠦ᠂ ᠤᠯᠤᠰ ᠣᠷᠣᠨ ᠤ ᠠᠰᠢᠭ ᠲᠤᠰᠠ᠂ | ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠭᠤᠷᠪᠠᠳᠠᠭᠢ ᠬᠥᠮᠥᠨ ᠤ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠤᠭᠰᠠᠨ ᠡᠰᠡᠬᠦ᠃ | ︵ᠲᠤᠯᠤᠭ᠎ᠠ︶ ᠭᠡᠷ᠎ᠡ ᠶᠢᠨ ᠠᠭᠤᠯᠭ᠎ᠠ ᠨᠢ ᠡᠷᠬᠡ ᠲᠤᠰᠢᠶᠠᠯ ᠪᠤᠶᠤ ᠡᠷᠬᠡ ᠣᠯᠭᠤᠯᠲᠠ ᠠᠴᠠ ᠳᠠᠪᠠᠭᠰᠠᠨ ᠡᠰᠡᠬᠦ᠂ | ᠬᠦᠴᠦᠨ ᠦᠭᠡᠢ᠂ ᠬᠦᠴᠦᠨ ᠦᠭᠡᠢ ᠪᠣᠯᠭᠠᠵᠤ ᠪᠣᠯᠬᠤ ᠵᠡᠷᠭᠡ ᠭᠡᠷ᠎ᠡ ᠶᠢᠨ ᠬᠦᠴᠦᠨ ᠢ ᠨᠥᠯᠥᠭᠡᠯᠡᠬᠦ ᠪᠠᠶᠢᠳᠠᠯ | ᠣᠷᠣᠰᠢᠵᠤ ᠪᠠᠶᠢᠬᠤ ᠡᠰᠡᠬᠦ᠃ | ︵ᠨᠠᠢᠮᠠ︶ ᠭᠡᠷ᠎ᠡ ᠳᠤ ᠠᠮᠠᠯᠠᠭᠰᠠᠨ ᠬᠠᠷᠠᠭᠠᠯᠵᠠᠯᠲᠤ ᠲᠦᠷᠦ ᠶᠢᠨ ᠪᠣᠳᠣᠯᠭ᠎ᠠ ᠪᠤᠶᠤ ᠳᠡᠮᠵᠢᠬᠦ᠂ ᠲᠡᠳᠬᠦᠬᠦ ᠠᠷᠭ᠎ᠠ | ᠬᠡᠮᠵᠢᠶ᠎ᠡ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠬᠦ ᠡᠰᠡᠬᠦ᠃ | ︵ᠶᠢᠰᠦ︶ ᠭᠡᠷ᠎ᠡ ᠶᠢᠨ ᠠᠭᠤᠯᠭ᠎ᠠ ᠨᠢ ᠪᠡᠯᠡ ᠮᠥᠩᠭᠦ ᠶᠢ ᠳ᠋ᠦᠩᠨᠡᠨ ᠪᠤᠳᠤᠬᠤ ᠳᠤ ᠬᠤᠯᠪᠣᠭᠳᠠᠭᠰᠠᠨ ᠪᠥᠭᠡᠳ | ᠬᠠᠤᠯᠢ ᠶᠣᠰᠣᠭᠠᠷ ᠬᠢᠨᠠᠨ ᠪᠤᠳᠤᠬᠤ ᠬᠢᠨᠠᠯᠲᠠ ᠶᠢ ᠬᠦᠯᠢᠶᠡᠬᠦ ᠴᠢᠬᠤᠯᠠᠲᠠᠢ ᠪᠠᠶᠢᠪᠠᠯ᠂ ᠬᠤᠶᠠᠷ ᠲᠠᠯ᠎ᠠ ᠪᠠᠷ ᠢᠶᠠᠨ | ᠵᠥᠪᠳᠡᠯᠴᠡᠭᠡᠳ ᠰᠠᠨᠠᠯ ᠨᠢᠭᠡᠳᠦᠭᠰᠡᠨ ᠡᠰᠡᠬᠦ ᠶᠢ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠨ ᠪᠤᠳᠤᠭᠰᠠᠨ | ᠦᠷ᠎ᠡ ᠳ᠋ᠦᠩ ᠢᠶᠠᠷ ᠳ᠋ᠦᠩᠨᠡᠨ ᠪᠤᠳᠤᠬᠤ ᠦᠨᠳᠦᠰᠦᠯᠡᠯ ᠪᠣᠯᠭᠠᠬᠤ ᠪᠠᠷ ᠪᠣᠯᠵᠣᠨ ᠲᠤᠭᠳᠠᠭᠰᠠᠨ ᠡᠰᠡᠭᠦ᠃ | ︵ᠠᠷᠪᠠ︶ ᠭᠡᠷ᠎ᠡ ᠶᠢᠨ ᠠᠭᠤᠯᠭ᠎ᠠ ᠨᠢ ᠭᠤᠣᠯᠴᠢ ᠥᠷᠢᠰᠦᠯᠳᠦᠭᠡᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠵᠥᠷᠢᠴᠡᠭᠰᠡᠨ ᠡᠰᠡᠬᠦ᠃ | ︵ᠠᠷᠪᠠᠨ ᠨᠢᠭᠡ︶ ᠭᠡᠷ᠎ᠡ ᠶᠢᠨ ᠦᠰᠦᠭ ᠪᠢᠴᠢᠭ ᠤᠨ ᠢᠯᠡᠳᠬᠡᠯᠲᠡ ᠨᠢ ᠣᠨᠣᠪᠴᠢᠲᠠᠶ᠂ ᠵᠢᠷᠤᠮᠵᠢᠯ ᠲᠠᠢ | ᠪᠠᠶᠢᠬᠤ ᠡᠰᠡᠬᠦ᠃ | ︵ᠠᠷᠪᠠᠨ ᠬᠤᠶᠠᠷ︶ ᠬᠢᠨᠠᠨ ᠪᠠᠶᠢᠴᠠᠭᠠᠬᠤ ᠴᠢᠬᠤᠯᠠᠲᠠᠢ ᠪᠤᠰᠤᠳ ᠠᠭᠤᠯᠭ᠎ᠠ᠃ | ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠨᠢ ᠡ᠊ᠩ ᠤᠨ ᠪᠠᠶᠢᠳᠠᠯ ᠳᠤ ᠵᠠᠰᠠᠭ ᠤᠨ ᠣᠷᠳᠣᠨ ᠤ | ᠭᠡᠷ᠎ᠡ ᠳᠤ ᠬᠤᠯᠪᠣᠭᠳᠠᠬᠤ ᠮᠡᠷᠭᠡᠵᠢᠯ᠂ ᠵᠣᠭᠤᠰ ᠤᠨ ᠲᠤᠭ᠎ᠠ ᠵᠡᠷᠭᠡ ᠲᠤᠬᠠᠶᠢᠯᠠᠭᠰᠠᠨ ᠠᠵᠢᠯ ᠤᠨ ᠲᠠᠯ᠎ᠠ ᠶᠢᠨ | ᠠᠭᠤᠯᠭ᠎ᠠ ᠳᠤ ᠬᠢᠨᠠᠨ ᠪᠠᠶᠢᠴᠠᠭᠠᠯᠲᠠ ᠬᠢᠬᠦ ᠦᠭᠡᠢ᠂ ᠭᠡᠪᠡᠴᠦ ᠴᠢᠬᠤᠯᠠᠲᠠᠢ ᠦᠶ᠎ᠡ ᠳᠤ ᠭᠡᠷ᠎ᠡ ᠶᠢᠨ ᠠᠭᠤᠯᠭ᠎ᠠ ᠶᠢᠨ | ᠵᠦᠢ ᠶᠣᠰᠣᠴᠢ ᠴᠢᠨᠠᠷ ᠤᠨ ᠲᠤᠬᠠᠢ ᠰᠠᠨᠠᠯ ᠢᠶᠠᠨ ᠳᠤᠷᠠᠳᠴᠤ ᠪᠣᠯᠣᠨ᠎ᠠ᠃ | ᠠᠷᠪᠠᠨ ᠨᠠᠢᠮᠠᠳᠤᠭᠠᠷ ᠵᠦᠢᠯ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠨᠢ ᠳᠣᠲᠣᠭᠠᠳᠤ ᠳᠠᠭᠠᠨ | ᠪᠠᠶᠢᠭᠤᠯᠤᠭᠰᠠᠨ ᠬᠠᠤᠯᠢ ᠳᠦᠷᠢᠮ ᠤᠨ ᠪᠠᠶᠢᠭᠤᠯᠤᠮᠵᠢ ᠪᠤᠶᠤ ᠤᠷᠢᠨ ᠬᠡᠷᠡᠭᠯᠡᠭᠰᠡᠨ ᠬᠠᠤᠯᠢ ᠴᠠᠭᠠᠵᠠ ᠶᠢᠨ | ᠵᠥᠪᠯᠡᠭᠴᠢ ᠶᠢᠨ ᠭᠠᠷᠭᠠᠭᠰᠠᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠭᠰᠠᠨ ᠰᠠᠨᠠᠯ ᠤᠨ ᠶᠣᠰᠣᠭᠠᠷ᠂ | ᠭᠡᠷ᠎ᠡ ᠶᠢᠨ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠨᠥᠭᠦᠭᠡ ᠲᠠᠯ᠎ᠠ ᠶᠢᠨ | ᠲᠤᠬᠠᠢ ᠶᠢᠨ ᠬᠥᠮᠥᠨ ᠯᠦᠭᠡ ᠵᠥᠪᠳᠡᠯᠴᠡᠭᠡᠳ ᠰᠠᠨᠠᠯ ᠨᠢᠭᠡᠳᠦᠭᠰᠡᠨ ᠤ ᠳᠠᠷᠠᠭ᠎ᠠ ᠭᠡᠷ᠎ᠡ ᠶᠢᠨ ᠵᠢᠩᠬᠢᠨᠢ ᠪᠢᠴᠢᠭ ᠬᠠᠷ᠎ᠠ | ᠪᠣᠯᠭᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠵᠠᠰᠠᠭ ᠤᠨ ᠣᠷᠳᠣᠨ ᠤ ᠭᠡᠷ᠎ᠡ ᠳᠤ ᠳᠠᠩᠰᠠᠯᠠᠭᠤᠯᠬᠤ ᠳᠦᠷᠢᠮ ᠢ | ᠬᠡᠷᠡᠭᠵᠢᠭᠦᠯᠦᠨ᠎ᠡ᠃ ᠡᠩ ᠤᠨ ᠵᠠᠰᠠᠭ ᠤᠨ ᠣᠷᠳᠣᠨ ᠤ ᠭᠡᠷ᠎ᠡ ᠪᠠ ᠴᠢᠬᠤᠯᠠ ᠶᠡᠭᠡ ᠵᠠᠰᠠᠭ ᠤᠨ ᠣᠷᠳᠣᠨ ᠤ ᠭᠡᠷ᠎ᠡ ᠶᠢᠨ | ᠳᠠᠩᠰᠠᠯᠠᠭᠤᠯᠬᠤ ᠪᠡᠶᠡᠴᠢ ᠴᠣᠭᠴᠠ ᠨᠢ ᠴᠥᠮ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠣᠯᠣᠨ᠎ᠠ᠃ | ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠨᠢ ᠭᠡᠷ᠎ᠡ ᠶᠢ ᠵᠢᠩᠬᠢᠨᠢ ᠪᠠᠷ ᠲᠣᠭᠲᠠᠭᠠᠭᠰᠠᠨ ᠡᠳᠦᠷ ᠠᠴᠠ | ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠳᠠᠩᠰᠠᠯᠠᠭᠤᠯᠬᠤ ᠪᠡᠶᠡᠴᠢ ᠴᠣᠭᠴᠠ ᠳᠤ ᠳᠠᠩᠰᠠᠯᠠᠭᠤᠯᠬᠤ ᠬᠡᠷᠡᠭᠲᠡᠢ᠂ | ᠳᠠᠩᠰᠠᠯᠠᠭᠤᠯᠬᠤ ᠦᠶ᠎ᠡ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄ | ︵ᠨᠢᠭᠡ︶ ᠵᠠᠰᠠᠭ ᠤᠨ ᠣᠷᠳᠣᠨ ᠤ ᠭᠡᠷ᠎ᠡ ᠶᠢᠨ ᠵᠢᠩᠬᠢᠨᠢ ᠪᠢᠴᠢᠭ ᠬᠠᠷ᠎ᠠ ᠬᠢᠭᠡᠳ ᠳᠠᠭᠠᠯᠳᠤᠭᠤᠯᠤᠯ᠃ | ︵ᠬᠤᠶᠠᠷ︶ ᠳᠠᠭᠠᠭᠠᠨ ᠭᠦᠢᠴᠡᠳᠬᠡᠬᠦ ᠨᠢᠭᠡᠴᠡ ᠶᠢᠨ ᠭᠤᠣᠯ ᠬᠠᠷᠢᠭᠤᠴᠠᠯᠭᠠᠲᠠᠨ ᠤ ᠭᠠᠷ ᠤᠨ ᠦᠰᠦᠭ ᠵᠢᠷᠤᠵᠤ | ᠲᠠᠮᠠᠭ᠎ᠠ ᠳᠠᠷᠤᠭᠰᠠᠨ ᠳᠠᠩᠰᠠᠯᠠᠭᠤᠯᠬᠤ ᠮᠡᠳᠡᠭᠦᠯᠦᠯᠲᠡ᠃ | ︵ᠭᠤᠷᠪᠠ︶ ᠬᠠᠤᠯᠢ ᠶᠣᠰᠣᠴᠢ ᠴᠢᠨᠠᠷ ᠲᠠᠢ ᠬᠢᠨᠠᠨ ᠪᠠᠶᠢᠴᠠᠭᠠᠭᠰᠠᠨ ᠰᠠᠨᠠᠯ᠃ | ︵ᠳᠥᠷᠪᠡ︶ ᠳᠡᠪᠰᠢᠭᠦᠯᠦᠨ ᠲᠤᠰᠢᠶᠠᠬᠤ ᠴᠢᠬᠤᠯᠠ ᠲᠠᠢ ᠪᠤᠰᠤᠳ ᠮᠠᠲ᠋ᠧᠷᠢᠶᠠᠯ ᠤᠳ᠃ | ᠬᠤᠷᠢᠳᠤᠭᠠᠷ ᠵᠦᠢᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠭᠡᠷ᠎ᠡ ᠶᠢ ᠳᠠᠭᠠᠭᠠᠨ | ᠭᠦᠢᠴᠡᠳᠬᠡᠬᠦ ᠨᠢᠭᠡᠴᠡ ᠶᠢᠨ ᠮᠡᠳᠡᠭᠦᠯᠦᠨ ᠬᠦᠷᠭᠡᠭᠰᠡᠨ ᠳᠠᠩᠰᠠᠯᠠᠭᠤᠯᠬᠤ ᠮᠠᠲ᠋ᠧᠷᠢᠶᠠᠯ ᠢ ᠳᠠᠩᠰᠠᠯᠠᠭᠤᠯᠤᠨ ᠬᠢᠨᠠᠨ | ᠪᠠᠶᠢᠴᠠᠭᠠᠵᠤ᠂ ᠵᠠᠰᠠᠭ ᠤᠨ ᠣᠷᠳᠣᠨ ᠤ ᠭᠡᠷ᠎ᠡ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠳᠤ | ᠬᠢᠨᠠᠯᠲᠠ ᠲᠠᠯᠪᠢᠬᠤ ᠬᠡᠷᠡᠭᠲᠡᠢ᠃ | ᠳᠠᠩᠰᠠᠯᠠᠭᠤᠯᠵᠤ ᠬᠢᠨᠠᠨ ᠪᠠᠶᠢᠴᠠᠭᠠᠬᠤ ᠦᠶ᠎ᠡ ᠳᠤ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠶᠢᠨ ᠬᠠᠤᠯᠢ | ᠶᠣᠰᠣᠴᠢ ᠴᠢᠨᠠᠷ ᠤᠨ ᠬᠢᠨᠠᠨ ᠪᠠᠶᠢᠴᠠᠭᠠᠭᠰᠠᠨ ᠰᠠᠨᠠᠯ ᠤᠨ ᠶᠣᠰᠣᠭᠠᠷ ᠵᠠᠰᠠᠭ ᠤᠨ ᠣᠷᠳᠣᠨ ᠤ ᠭᠡᠷ᠎ᠡ ᠶᠢᠨ ᠪᠢᠴᠢᠭ ᠲᠤ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠡᠰᠡᠬᠦ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠵᠤ᠂ ᠬᠢᠨᠠᠨ | ᠪᠠᠶᠢᠴᠠᠭᠠᠭᠰᠠᠨ ᠰᠠᠨᠠᠯ ᠢ ᠭᠥᠯᠢᠶᠡᠨ ᠠᠪᠤᠭᠰᠠᠨ ᠦᠭᠡᠢ ᠪᠤᠶᠤ ᠪᠦᠷᠢᠮᠦᠰᠦᠨ ᠭᠥᠯᠢᠶᠡᠨ ᠠᠪᠤᠭᠰᠠᠨ ᠦᠭᠡᠢ ᠪᠠᠶᠢᠪᠠᠯ᠂ | ᠳᠠᠭᠠᠭᠠᠨ ᠭᠦᠢᠴᠡᠳᠬᠡᠬᠦ ᠨᠢᠭᠡᠴᠡ ᠠᠴᠠ ᠲᠣᠳᠣᠷᠬᠠᠶᠢᠯᠠᠯᠲᠠ ᠬᠢᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠢ ᠬᠤᠲᠠ ᠶᠢᠨ ᠵᠠᠰᠠᠭ ᠤᠨ | ᠣᠷᠳᠣᠨ ᠤ ᠠᠯᠪᠠᠨ ᠭᠡᠷ ᠤᠨ ᠬᠠᠤᠯᠢ ᠴᠠᠭᠠᠵᠠ ᠶᠢᠨ ᠶᠠᠪᠤᠳᠠᠯ ᠤᠨ ᠰᠠᠯᠠᠭ᠎ᠠ ᠲᠠᠢ ᠬᠠᠮᠲᠤᠷᠠᠨ ᠵᠠᠰᠠᠭ ᠤᠨ ᠣᠷᠳᠣᠨ ᠤ | ᠭᠡᠷ᠎ᠡ ᠶᠢ ᠢᠯᠭᠠᠷᠠᠭᠤᠯᠤᠨ ᠲᠢᠭᠯᠡᠬᠦ ᠠᠵᠢᠯ ᠢ ᠵᠢᠯ ᠢᠶᠠᠷ ᠨᠢᠭᠡᠴᠢ ᠪᠤᠯᠭᠠᠵᠤ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠤᠯᠢ ᠴᠠᠭᠠᠵᠠ ᠶᠢᠨ ᠶᠠᠪᠤᠳᠠᠯ ᠤᠨ ᠰᠠᠯᠠᠭ᠎ᠠ | ᠨᠢ ᠢᠯᠭᠠᠷᠠᠭᠤᠯᠤᠨ ᠲᠢᠭᠯᠡᠬᠦ ᠠᠵᠢᠯ ᠤᠨ ᠮᠡᠳᠡᠭᠳᠡᠯ ᠢ ᠬᠠᠷᠢᠭᠤᠴᠠᠨ ᠲᠣᠭᠲᠠᠭᠠᠵᠤ᠂ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ ᠨᠢ ᠡᠯ᠎ᠡ ᠲᠥᠷᠥᠯ ᠤᠨ ᠵᠠᠰᠠᠭ ᠤᠨ ᠣᠷᠳᠣᠨ ᠤ ᠭᠡᠷ᠎ᠡ ᠶᠢ ᠪᠦᠬᠦ ᠲᠠᠯ᠎ᠠ ᠪᠠᠷ ᠬᠢᠨᠠᠨ | ᠪᠠᠶᠢᠴᠠᠭᠠᠵᠤ ᠡᠮᠬᠢᠯᠡᠨ ᠲᠢᠭᠯᠡᠬᠦ ᠶᠢ ᠬᠠᠷᠢᠭᠤᠴᠠᠵᠤ᠂ ᠢᠯᠭᠠᠷᠠᠭᠤᠯᠤᠨ ᠲᠢᠭᠯᠡᠭᠰᠡᠨ ᠦᠷ᠎ᠡ ᠳ᠋ᠦᠩ ᠢᠶᠠᠨ | ᠬᠤᠷᠢᠶᠠᠩᠭᠤᠶᠢᠯᠠᠵᠤ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠳᠡᠢ᠃ | ᠳᠥᠷᠪᠡᠳᠦᠭᠡᠷ ᠪᠦᠯᠦᠭ ᠭᠡᠷ᠎ᠡ ᠲᠣᠭᠲᠠᠭᠠᠬᠤ ᠪᠠ ᠭᠦᠢᠴᠡᠳᠬᠡᠬᠦ | ᠬᠤᠷᠢᠨ ᠬᠤᠶᠠᠳᠤᠭᠠᠷ ᠵᠦᠢᠯ ᠬᠤᠲᠠ ᠶᠢᠨ ᠵᠠᠰᠠᠭ ᠤᠨ ᠣᠷᠳᠣᠨ ᠤ ᠨᠡᠷ᠎ᠡ ᠪᠠᠷ ᠭᠠᠷ ᠤᠨ ᠦᠰᠦᠭ | ᠵᠢᠷᠤᠭᠰᠠᠨ ᠵᠠᠰᠠᠭ ᠤᠨ ᠣᠷᠳᠣᠨ ᠤ ᠭᠡᠷ᠎ᠡ ᠪᠣᠯᠣᠨ ᠬᠤᠲᠠ ᠶᠢᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ | ᠮᠥᠴᠢᠷ᠂ ᠠᠵᠢᠯ ᠦᠢᠯᠡᠰ ᠤᠨ ᠨᠢᠭᠡᠴᠡ ᠶᠢᠨ ᠭᠠᠷ ᠤᠨ ᠦᠰᠦᠭ ᠵᠢᠷᠤᠭᠰᠠᠨ ᠭᠤᠣᠯᠳᠠᠯᠭ᠎ᠠ ᠲᠠᠢ ᠲᠥᠷᠥᠯ ᠵᠦᠢᠯ᠂ | ᠴᠢᠬᠤᠯᠠ ᠶᠡᠭᠡ ᠢᠨᠵᠧᠨᠧᠷᠢᠩ᠂ ᠨᠡᠶᠢᠭᠡᠮ ᠤᠨ ᠨᠥᠯᠥᠭᠡ ᠪᠠᠷ ᠨᠡᠯᠢᠶᠡᠳ ᠶᠡᠭᠡ᠂ ᠴᠢᠬᠤᠯᠠ ᠶᠡᠭᠡ ᠣᠯᠠᠨ | ᠨᠡᠶᠢᠲᠡ ᠶᠢᠨ ᠠᠰᠢᠭ ᠲᠤᠰᠠ ᠲᠠᠢ ᠬᠤᠯᠪᠣᠭᠳᠠᠬᠤ᠂ ᠬᠤᠳᠠᠯᠳᠤᠨ ᠠᠪᠬᠤ ᠲᠥᠷᠥᠯ ᠵᠦᠢᠯ ᠤᠨ ᠵᠣᠭᠤᠰ ᠤᠨ ᠲᠤᠭ᠎ᠠ | ᠨᠡᠯᠢᠶᠡᠳ ᠶᠡᠭᠡ ᠵᠠᠰᠠᠭ ᠤᠨ ᠣᠷᠳᠣᠨ ᠤ ᠴᠢᠬᠤᠯᠠ ᠶᠡᠭᠡ ᠭᠡᠷ᠎ᠡ ᠶᠢ ᠬᠠᠤᠯᠢ ᠶᠣᠰᠣᠴᠢ ᠴᠢᠨᠠᠷ ᠤᠨ ᠬᠢᠨᠠᠨ | ᠪᠠᠶᠢᠴᠠᠭᠠᠯᠲᠠ ᠬᠢᠭᠰᠡᠨ ᠤ ᠳᠠᠷᠠᠭ᠎ᠠ᠂ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠨᠢ ᠭᠡᠷ᠎ᠡ ᠶᠢᠨ ᠪᠢᠴᠢᠭ ᠢ ᠬᠦᠷᠭᠡᠨ | ᠬᠢᠨᠠᠭᠤᠯᠬᠤ ᠨᠣᠣᠷᠠᠭ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ ᠰᠠᠨᠠᠯ ᠵᠡᠷᠭᠡ ᠮᠠᠲ᠋ᠧᠷᠢᠶᠠᠯ ᠢ ᠬᠤᠯᠪᠣᠭᠳᠠᠯ | ᠪᠦᠬᠦᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠶᠣᠰᠣᠭᠠᠷ ᠬᠤᠲᠠ ᠶᠢᠨ | ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠰᠤᠳᠤᠯᠤᠭᠤᠯᠤᠨ ᠬᠢᠨᠠᠨ ᠲᠣᠭᠲᠠᠭᠠᠯᠭᠠᠬᠤ ᠬᠡᠷᠡᠭᠲᠡᠢ᠃ | ᠬᠤᠳᠠ ᠶᠢᠨ ᠵᠠᠰᠠᠭ ᠤᠨ ᠣᠷᠳᠣᠨ ᠤ ᠡᠷᠬᠡ ᠣᠯᠭᠤᠯᠲᠠ ᠪᠠᠷ ᠲᠣᠭᠲᠠᠭᠠᠭᠰᠠᠨ ᠡᠩ ᠤᠨ ᠵᠠᠰᠠᠭ ᠤᠨ ᠣᠷᠳᠣᠨ ᠤ | ᠭᠡᠷ᠎ᠡ ᠶᠢ ᠴᠦ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠰᠤᠳᠤᠯᠤᠭᠤᠯᠤᠨ ᠬᠢᠨᠠᠨ | ᠲᠣᠭᠲᠠᠭᠠᠯᠭᠠᠬᠤ ᠬᠡᠷᠡᠭᠲᠡᠢ᠃ | ᠡᠩ ᠤᠨ ᠪᠠᠶᠢᠳᠠᠯ ᠳᠤ ᠵᠠᠰᠠᠭ ᠤᠨ ᠣᠷᠳᠣᠨ ᠤ ᠭᠡᠷ᠎ᠡ ᠶᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ | ᠬᠢᠭᠰᠡᠨ ᠤ ᠲᠠᠷᠠᠭ᠎ᠠ᠂ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠨᠢ ᠲᠤᠰ ᠰᠠᠯᠠᠭ᠎ᠠ ᠮᠥᠴᠢᠷ᠂ ᠲᠤᠰ | ᠨᠢᠭᠡᠴᠡ ᠶᠢᠨ ᠢᠶᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠶᠣᠰᠣᠭᠠᠷ ᠰᠤᠳᠤᠯᠵᠤ ᠬᠢᠨᠠᠨ ᠲᠣᠭᠲᠠᠭᠠᠬᠤ | ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠶᠢ ᠪᠢᠴᠢᠭ ᠤᠨ ᠬᠡᠯᠪᠡᠷᠢ ᠪᠠᠷ ᠲᠣᠭᠲᠠᠭᠠᠬᠤ | ᠬᠡᠷᠡᠭᠲᠡᠢ᠂ ᠭᠡᠷ᠎ᠡ ᠶᠢᠨ ᠵᠢᠩᠬᠢᠨᠢ ᠪᠢᠴᠢᠭ ᠢ ᠭᠡᠷ᠎ᠡ ᠶᠢᠨ ᠬᠤᠶᠠᠷ ᠲᠠᠯ᠎ᠠ ᠶᠢᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠢᠨ ᠬᠠᠮᠲᠤ ᠨᠢᠭᠡᠴᠡ ᠶᠢᠨ ᠠᠯᠪᠠᠨ ᠲᠠᠮᠠᠭ᠎ᠠ | ᠪᠤᠶᠤ ᠭᠡᠷ᠎ᠡ ᠶᠢᠨ ᠲᠤᠰᠬᠠᠢ ᠲᠠᠮᠠᠭ᠎ᠠ ᠶᠢ ᠳᠠᠷᠤᠬᠤ ᠬᠡᠷᠡᠭᠲᠡᠢ᠃ ᠪᠤᠰᠤᠳ ᠬᠥᠮᠥᠨ ᠳᠤ ᠡᠷᠬᠡ ᠣᠯᠭᠤᠵᠤ ᠭᠠᠷ ᠤᠨ | ᠦᠰᠦᠭ ᠵᠢᠷᠤᠭᠤᠯᠤᠭᠰᠠᠨ ᠪᠠᠶᠢᠪᠠᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠬᠤ | ᠨᠠᠶᠢᠳᠠᠯᠭ᠎ᠠ ᠶᠢᠨ ᠪᠢᠴᠢᠭ ᠪᠠᠶᠢᠬᠤ ᠬᠡᠷᠡᠭᠲᠡᠢ᠃ | ᠬᠠᠤᠯᠢ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠵᠦ᠂ | ᠳᠠᠩᠰᠠᠯᠠᠭᠤᠯᠤᠭᠰᠠᠨ ᠭᠡᠷ᠎ᠡ ᠶᠢ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠬᠤᠯᠪᠣᠭᠳᠠᠯ ᠪᠦᠬᠦᠢ ᠭᠠᠷ | ᠭᠦᠢᠴᠡᠳᠬᠡᠯ ᠢ ᠴᠠᠭ ᠲᠤᠬᠠᠢ ᠳᠤᠨᠢ ᠬᠢᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠭᠡᠷ᠎ᠡ ᠶᠢ ᠲᠣᠭᠲᠠᠭᠠᠭᠰᠠᠨ ᠤ ᠳᠠᠷᠠᠭ᠎ᠠ᠂ ᠭᠡᠷ᠎ᠡ ᠶᠢ | ᠳᠠᠭᠠᠭᠠᠨ ᠭᠦᠢᠴᠡᠳᠬᠡᠬᠦ ᠨᠢᠭᠡᠴᠡ ᠨᠢ ᠭᠡᠷ᠎ᠡ ᠶᠢ ᠭᠦᠢᠴᠡᠳᠬᠡᠭᠰᠡᠨ ᠪᠠᠶᠢᠳᠠᠯ ᠢ ᠪᠦᠬᠦ ᠲᠠᠯ᠎ᠠ ᠪᠠᠷ ᠮᠥᠷᠳᠡᠬᠦ ᠠᠵᠢᠯ ᠢ | ᠬᠠᠷᠢᠭᠤᠴᠠᠨ᠎ᠠ᠃ ᠭᠡᠷ᠎ᠡ ᠶᠢ ᠭᠦᠢᠴᠡᠳᠬᠡᠬᠦ ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠭᠠᠷᠤᠭᠰᠠᠨ | ᠪᠠᠶᠢᠪᠠᠯ᠂ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠨᠢ ᠴᠠᠭ ᠲᠤᠬᠠᠢ ᠳᠤᠨᠢ ᠬᠤᠳᠠ ᠶᠢᠨ ᠵᠠᠰᠠᠭ ᠤᠨ ᠣᠷᠳᠣᠨ | ᠪᠤᠶᠤ ᠲᠤᠰ ᠰᠠᠯᠠᠭ᠎ᠠ ᠮᠥᠴᠢᠷ᠂ ᠲᠤᠰ ᠨᠢᠭᠡᠴᠡ ᠳᠡᠭᠡᠨ ᠮᠡᠳᠡᠭᠦᠯᠵᠦ᠂ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ | ᠵᠥᠪᠰᠢᠶᠡᠷᠡᠭᠦᠯᠦᠭᠰᠡᠨ ᠤ ᠲᠠᠷᠠᠭ᠎ᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠭᠡᠷ᠎ᠡ ᠶᠢᠨ ᠲᠦᠭᠰᠢᠭᠦᠷᠢ ᠶᠢ | ᠤᠷᠢᠳᠴᠢᠯᠠᠨ ᠰᠡᠷᠭᠡᠶᠢᠯᠡᠬᠦ ᠪᠠ ᠠᠷᠭᠠᠴᠠᠬᠤ ᠬᠡᠷᠡᠭᠲᠡᠢ᠄ | ︵ᠨᠢᠭᠡ︶ ᠡᠰᠡᠷᠭᠦᠴᠡᠰᠢ ᠦᠭᠡᠢ ᠬᠦᠴᠦᠨ ᠳᠤ ᠲᠤᠯᠭᠠᠷᠠᠵᠤ᠂ ᠭᠡᠷ᠎ᠡ ᠶᠢ ᠬᠡᠪ ᠢᠶᠠᠷ ᠭᠦᠢᠴᠡᠳᠬᠡᠬᠦ ᠶᠢ | ᠨᠥᠯᠥᠭᠡᠯᠡᠵᠦ ᠮᠡᠳᠡᠬᠦ᠃ | ︵ᠬᠤᠶᠠᠷ︶ ᠭᠡᠷ᠎ᠡ ᠶᠢᠨ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ | ᠲᠣᠭᠲᠠᠭᠠᠯ ᠪᠤᠶᠤ ᠲᠦᠷᠦ ᠶᠢᠨ ᠪᠣᠳᠣᠯᠭ᠎ᠠ ᠳᠤ ᠵᠠᠰᠠᠪᠤᠷᠢ ᠣᠷᠣᠭᠤᠯᠤᠭᠰᠠᠨ ᠪᠤᠶᠤ ᠲᠡᠭᠦᠨ ᠢ ᠬᠦᠴᠦᠨ ᠦᠭᠡᠢ | ᠪᠣᠯᠭᠠᠭᠰᠠᠨ ᠠᠴᠠ ᠪᠣᠯᠵᠤ ᠭᠡᠷ᠎ᠡ ᠶᠢ ᠬᠡᠪ ᠢᠶᠠᠷ ᠭᠦᠢᠴᠡᠳᠬᠡᠬᠦ ᠶᠢ ᠨᠥᠯᠥᠭᠡᠯᠡᠵᠦ ᠮᠡᠳᠡᠬᠦ᠃ | ︵ᠭᠤᠷᠪᠠ︶ ᠭᠡᠷ᠎ᠡ ᠲᠣᠭᠲᠠᠭᠠᠬᠤ ᠦᠶ᠎ᠡ ᠳᠤ ᠦᠨᠳᠦᠰᠦᠯᠡᠯ ᠪᠣᠯᠭᠠᠭᠰᠠᠨ ᠪᠤᠰᠤᠳᠴᠢ ᠪᠠᠶᠢᠳᠠᠯ ᠳᠤ ᠴᠢᠬᠤᠯᠠ | ᠶᠡᠭᠡ ᠬᠤᠪᠢᠷᠠᠯᠲᠠ ᠭᠠᠷᠴᠤ᠂ ᠭᠡᠷ᠎ᠡ ᠶᠢ ᠬᠡᠪ ᠢᠶᠠᠷ ᠭᠦᠢᠴᠡᠳᠬᠡᠬᠦ ᠶᠢ ᠨᠥᠯᠥᠭᠡᠯᠡᠵᠦ ᠮᠡᠳᠡᠬᠦ᠃ | ︵ᠳᠥᠷᠪᠡ︶ ᠭᠡᠷ᠎ᠡ ᠶᠢᠨ ᠨᠦᠬᠦᠭᠡ ᠲᠠᠯ᠎ᠠ ᠶᠢᠨ ᠲᠤᠬᠠᠢ ᠶᠢᠨ ᠬᠥᠮᠥᠨ ᠳᠤ ᠡᠳ᠋ ᠬᠥᠷᠥᠩᠭᠡ ᠶᠢᠨ ᠪᠠᠶᠢᠳᠠᠯ ᠨᠢ | ᠮᠠᠭᠤᠳᠠᠭᠰᠠᠨ᠂ ᠡᠳ᠋ ᠬᠥᠷᠥᠩᠭᠡ ᠪᠠᠨ ᠰᠢᠯᠵᠢᠭᠦᠯᠦᠭᠰᠡᠨ᠂ ᠪᠡᠯᠡ ᠮᠥᠩᠭᠦ ᠪᠠᠨ ᠲᠠᠳᠠᠨ ᠵᠠᠶᠢᠯᠠᠭᠤᠯᠤᠭᠰᠠᠨ ᠪᠤᠶᠤ | ᠬᠤᠳᠠᠯᠳᠤᠭᠠᠨ ᠤ ᠢᠲᠡᠭᠡᠯ ᠬᠦᠨᠳᠦ ᠪᠠᠨ ᠠᠯᠳᠠᠭᠰᠠᠨ ᠵᠡᠷᠭᠡ ᠪᠠᠶᠢᠳᠠᠯ ᠣᠷᠣᠰᠢᠵᠤ᠂ ᠭᠡᠷ᠎ᠡ ᠶᠢ ᠭᠦᠢᠴᠡᠳᠬᠡᠬᠦ | ᠴᠢᠳᠠᠪᠤᠷᠢ ᠪᠠᠨ ᠠᠯᠳᠠᠭᠰᠠᠨ ᠪᠤᠶᠤ ᠠᠯᠳᠠᠵᠤ ᠮᠡᠳᠡᠬᠦ ᠳᠤ ᠬᠦᠷᠦᠭᠰᠡᠨ᠃ | ︵ᠲᠠᠪᠤ︶ ᠭᠡᠷ᠎ᠡ ᠶᠢᠨ ᠨᠦᠬᠦᠭᠡ ᠲᠠᠯ᠎ᠠ ᠶᠢᠨ ᠲᠤᠬᠠᠢ ᠶᠢᠨ ᠬᠥᠮᠥᠨ ᠨᠢ ᠭᠤᠣᠯ ᠡᠭᠦᠷᠭᠡ ᠪᠠᠨ ᠭᠦᠢᠴᠡᠳᠬᠡᠬᠦ ᠶᠢ | ᠤᠳᠠᠭᠠᠰᠢᠷᠠᠭᠤᠯᠤᠭᠰᠠᠨ ᠪᠤᠶᠤ ᠡᠭᠦᠷᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ ᠦᠭᠡᠢ | ᠪᠠᠶᠢᠵᠤ᠂ ᠪᠢᠴᠢᠭ ᠢᠶᠠᠷ ᠰᠢᠪᠠᠳᠠᠨ ᠮᠡᠳᠡᠭᠳᠡᠭᠰᠡᠨ ᠪᠠᠶᠢᠲᠠᠯ᠎ᠠ ᠮᠥᠨ ᠡᠰᠡ ᠭᠦᠢᠴᠡᠳᠬᠡᠭᠰᠡᠨ᠃ | ︵ᠵᠢᠷᠭᠤᠭ᠎ᠠ︶ ᠭᠡᠷ᠎ᠡ ᠶᠢᠨ ᠠᠶᠤᠯ ᠲᠦᠭᠰᠢᠭᠦᠷᠢ ᠣᠷᠣᠰᠢᠵᠤ ᠮᠡᠳᠡᠬᠦ ᠪᠤᠰᠤᠳ ᠪᠠᠶᠢᠳᠠᠯ ᠤᠳ᠃ | ᠬᠤᠷᠢᠨ ᠲᠠᠪᠤᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠶᠢ ᠲᠣᠭᠲᠠᠭᠠᠬᠤ᠂ ᠭᠦᠢᠴᠡᠳᠬᠡᠬᠦ | ᠶᠠᠪᠤᠴᠠ ᠳᠤ ᠣᠯᠣᠭᠰᠠᠨ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ | ᠠᠴᠠ ᠴᠠᠭ ᠲᠤᠬᠠᠢ ᠳᠤᠨᠢ ᠡᠮᠬᠢᠳᠬᠡᠵᠦ᠂ ᠲᠡᠩᠰᠡᠯᠡᠵᠦ᠂ ᠲᠡᠩᠰᠠ ᠡᠪᠬᠡᠮᠡᠯ ᠳᠤ ᠣᠷᠣᠭᠤᠯᠬᠤ ᠬᠡᠷᠡᠭᠲᠡᠢ᠄ | ︵ᠨᠢᠭᠡ︶ ᠭᠡᠷ᠎ᠡ ᠶᠢᠨ ᠵᠢᠩᠬᠢᠨᠢ ᠪᠢᠴᠢᠭ᠂ ᠨᠥᠬᠦᠪᠦᠷᠢ ᠬᠡᠯᠡᠯᠴᠡᠭᠡᠷ᠃ | ︵ᠬᠤᠶᠠᠷ︶ ᠭᠡᠷ᠎ᠡ ᠶᠢᠨ ᠨᠦᠬᠦᠭᠡ ᠲᠠᠯ᠎ᠠ ᠶᠢᠨ ᠲᠤᠬᠠᠢ ᠶᠢᠨ ᠬᠥᠮᠥᠨ ᠤ ᠬᠥᠷᠥᠩᠭᠡ ᠢᠲᠡᠭᠡᠮᠵᠢ᠂ ᠭᠡᠷ᠎ᠡ ᠶᠢ | ᠭᠦᠢᠴᠡᠳᠬᠡᠬᠦ ᠴᠢᠳᠠᠪᠤᠷᠢ ᠵᠡᠷᠭᠡ ᠪᠠᠶᠢᠳᠠᠯ ᠢ ᠪᠠᠶᠢᠴᠠᠭᠠᠭᠰᠠᠨ ᠮᠠᠲ᠋ᠧᠷᠢᠶᠠᠯ᠃ | ︵ᠭᠤᠷᠪᠠ︶ ᠭᠡᠷ᠎ᠡ ᠶᠢᠨ ᠬᠡᠯᠡᠯᠴᠡᠭᠡ᠂ ᠵᠥᠪᠳᠡᠯᠴᠡᠭᠡ᠂ ᠬᠠᠷᠢᠯᠴᠠᠭᠠᠨ ᠤ ᠵᠠᠬᠢᠳᠠᠯ ᠴᠠᠬᠢᠯᠭᠠᠨ ᠮᠡᠳᠡᠭᠡ ᠵᠡᠷᠭᠡ | ᠮᠠᠲ᠋ᠧᠷᠢᠶᠠᠯ᠃ | ︵ᠳᠥᠷᠪᠡ︶ ᠲᠤᠰᠬᠠᠢ ᠮᠡᠷᠭᠡᠵᠢᠯᠲᠡᠨ ᠤ ᠨᠤᠲᠠᠯᠠᠯᠲᠠ᠂ ᠲᠦᠭᠰᠢᠭᠦᠷᠢ ᠶᠢ ᠦᠨᠡᠯᠡᠨ ᠵᠢᠱᠢᠭᠰᠡᠨ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ ᠵᠡᠷᠭᠡ ᠮᠠᠲ᠋ᠧᠷᠢᠶᠠᠯ᠃ | ︵ᠲᠠᠪᠤ︶ ᠭᠡᠷ᠎ᠡ ᠶᠢᠨ ᠵᠢᠭᠤᠷᠠᠯᠳᠤᠭᠠᠨ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠲᠡᠮᠳᠡᠭᠯᠡᠯ ᠵᠢᠴᠢ | ᠬᠤᠯᠪᠣᠭᠳᠠᠯ ᠪᠦᠬᠦᠢ ᠮᠠᠲ᠋ᠧᠷᠢᠶᠠᠯ᠃ | ︵ᠵᠢᠷᠭᠤᠭ᠎ᠠ︶ ᠡᠮᠬᠢᠳᠬᠡᠬᠦ᠂ ᠳᠠᠩᠰᠠᠯᠠᠬᠤ᠂ ᠳᠠᠩᠰᠠ ᠡᠪᠬᠡᠮᠡᠯ ᠳᠤ ᠣᠷᠣᠭᠤᠯᠬᠤ ᠴᠢᠬᠤᠯᠠ ᠲᠠᠢ ᠪᠤᠰᠤᠳ | ᠮᠠᠲ᠋ᠧᠷᠢᠶᠠᠯ᠃ | ᠲᠠᠪᠤᠳᠤᠭᠠᠷ ᠪᠦᠯᠦᠭ ᠭᠡᠷ᠎ᠡ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠵᠢᠴᠢ ᠬᠠᠷᠢᠭᠤᠴᠠᠯᠭ᠎ᠠ ᠨᠡᠬᠡᠮᠵᠢᠯᠡᠬᠦ | ᠬᠤᠷᠢᠨ ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠶᠢ ᠭᠦᠢᠴᠡᠳᠬᠡᠬᠦ ᠶᠠᠪᠤᠴᠠ ᠳᠤ | ᠵᠢᠭᠤᠷᠠᠯᠳᠤᠭᠠᠨ ᠭᠠᠷᠪᠠᠯ᠂ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠠᠴᠠ ᠡᠩ ᠲᠡᠷᠢᠭᠦᠨ ᠳᠤ ᠵᠥᠪᠳᠡᠯᠴᠡᠬᠦ | ᠪᠤᠶᠤ ᠡᠶᠡᠳᠡᠭᠦᠯᠬᠦ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠬᠡᠷᠡᠭᠲᠡᠢ᠃ ᠵᠥᠪᠳᠡᠯᠴᠡᠬᠦ ᠪᠤᠶᠤ ᠡᠶᠡᠳᠡᠭᠦᠯᠬᠦ ᠪᠠᠷ ᠳᠠᠮᠵᠢᠭᠠᠳ | ᠰᠠᠨᠠᠯ ᠨᠢᠭᠡᠲᠡᠢ ᠪᠣᠯᠤᠭᠰᠠᠨ ᠪᠠᠶᠢᠪᠠᠯ᠂ ᠪᠢᠴᠢᠭ ᠤᠨ ᠭᠡᠷ᠎ᠡ ᠲᠣᠭᠲᠠᠭᠠᠬᠤ ᠬᠡᠷᠡᠭᠲᠡᠢ᠃ ᠵᠥᠪᠳᠡᠯᠴᠡᠬᠦ ᠪᠤᠶᠤ | ᠡᠶᠡᠳᠡᠭᠦᠯᠬᠦ ᠪᠠᠷ ᠳᠠᠮᠵᠢᠭᠠᠳ ᠰᠠᠨᠠᠯ ᠨᠢᠭᠡᠳᠴᠦ ᠴᠢᠳᠠᠬᠤ ᠦᠭᠡᠢ ᠪᠠᠶᠢᠪᠠᠯ᠂ ᠵᠠᠷᠭᠤᠯᠳᠤᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠵᠢᠭᠤᠷᠠᠯᠳᠤᠭᠠᠨ ᠢ ᠰᠢᠢᠳᠪᠦᠷᠢᠯᠡᠬᠦ ᠬᠡᠷᠡᠭᠲᠡᠢ᠂ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠨᠢ | ᠵᠠᠷᠭᠤᠯᠳᠤᠬᠤ ᠳᠦᠷᠢᠮ ᠤᠨ ᠶᠣᠰᠣᠭᠠᠷ ᠪᠦᠬᠦ ᠲᠠᠯ᠎ᠠ ᠪᠠᠷ ᠭᠡᠷᠡᠴᠢ ᠪᠠᠷᠢᠮᠲᠠ ᠴᠤᠭᠯᠠᠭᠤᠯᠵᠤ᠂ ᠵᠠᠷᠭᠤ ᠬᠦᠯᠢᠶᠡᠬᠦ | ᠠᠵᠢᠯ ᠢ ᠰᠠᠶᠢᠲᠤᠷ ᠬᠢᠬᠦ ᠬᠡᠷᠡᠭᠲᠡᠢ᠃ ᠵᠠᠷᠭᠤᠯᠳᠤᠬᠤ ᠶᠠᠪᠤᠴᠠ ᠳᠤ᠂ ᠬᠠᠤᠯᠢ ᠴᠠᠭᠠᠵᠠ ᠶᠢᠨ ᠵᠥᠪᠯᠡᠭᠴᠢ ᠶᠢ | ᠵᠠᠷᠭᠤᠯᠳᠤᠭᠠᠨ ᠤ ᠬᠡᠷᠡᠭ ᠶᠠᠪᠤᠳᠠᠯ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠵᠠᠷᠭᠤ | ᠢᠯᠠᠭᠳᠠᠬᠤ ᠲᠦᠭᠰᠢᠭᠦᠷᠢ ᠶᠢ ᠪᠠᠭᠠᠰᠬᠠᠬᠤ ᠪᠠᠷ ᠱᠠᠭᠠᠷᠳᠠᠵᠤ ᠪᠣᠯᠣᠨ᠎ᠠ᠃ | ᠬᠤᠷᠢᠨ ᠳᠣᠯᠣᠳᠤᠭᠠᠷ ᠵᠦᠢᠯ ᠭᠡᠷ᠎ᠡ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠶᠠᠪᠤᠴᠠ ᠳᠤ᠂ ᠬᠠᠮᠲᠤ ᠪᠠᠷ | ᠶᠠᠷᠢᠯᠴᠠᠨ ᠲᠣᠭᠲᠠᠭᠠᠬᠤ ᠪᠠ ᠬᠠᠤᠯᠢ ᠪᠠᠷ ᠲᠣᠭᠲᠠᠭᠠᠭᠰᠠᠨ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠭᠰᠡᠨ | ᠦᠭᠡᠢ ᠪᠠᠶᠢᠪᠠᠯ᠂ ᠶᠠᠮᠠᠷᠪᠠ ᠨᠢᠭᠡᠴᠡ ᠪᠠ ᠬᠤᠪᠢ ᠬᠥᠮᠥᠨ ᠬᠤᠳᠠ ᠶᠢᠨ ᠵᠠᠰᠠᠭ ᠤᠨ ᠣᠷᠳᠣᠨ ᠵᠢᠴᠢ ᠲᠡᠭᠦᠨ ᠤ | ᠠᠵᠢᠯᠯᠠᠬᠤ ᠰᠠᠯᠠᠭ᠎ᠠ ᠮᠥᠴᠢᠷ᠂ ᠬᠤᠳᠠ ᠶᠢᠨ ᠬᠠᠷᠢᠶ᠎ᠠ ᠪᠦᠬᠦᠢ ᠤᠯᠤᠰ ᠤᠨ ᠦᠮᠴᠢᠯᠡᠯᠲᠤ ᠠᠵᠤ ᠠᠬᠤᠶᠢᠯᠠᠯ ᠪᠠ | ᠠᠵᠢᠯ ᠦᠢᠯᠡᠰ ᠤᠨ ᠨᠢᠭᠡᠴᠡ ᠳᠤ ᠬᠠᠷᠢᠶᠠᠯᠠᠭᠳᠠᠬᠤ ᠬᠠᠤᠯᠢ ᠶᠣᠰᠣᠨ ᠤ ᠡᠷᠬᠡ ᠠᠰᠢᠭ ᠪᠤᠶᠤ ᠥᠪᠡᠷ ᠤᠨ ᠲᠠᠯ᠎ᠠ ᠳᠤ | ᠨᠡᠮᠡᠭᠰᠡᠨ ᠡᠭᠦᠷᠭᠡ ᠪᠠᠨ ᠬᠠᠶᠠᠵᠤ ᠪᠣᠯᠬᠤ ᠦᠭᠡᠢ᠃ | ᠬᠤᠷᠢᠨ ᠨᠠᠢᠮᠠᠳᠤᠭᠠᠷ ᠵᠦᠢᠯ ᠭᠡᠷ᠎ᠡ ᠶᠢ ᠳᠠᠭᠠᠭᠠᠨ ᠭᠦᠢᠴᠡᠳᠬᠡᠬᠦ ᠨᠢᠭᠡᠴᠡ ᠵᠢᠴᠢ ᠲᠡᠭᠦᠨ ᠤ ᠠᠵᠢᠯᠲᠠᠨ | ᠵᠠᠰᠠᠭ ᠤᠨ ᠣᠷᠳᠣᠨ ᠤ ᠭᠡᠷ᠎ᠡ ᠶᠢ ᠲᠤᠭᠤᠷᠪᠢᠨ ᠪᠢᠴᠢᠬᠦ᠂ ᠲᠣᠭᠲᠠᠭᠠᠬᠤ᠂ ᠬᠢᠨᠠᠨ ᠪᠠᠶᠢᠴᠠᠭᠠᠬᠤ᠂ ᠭᠦᠢᠴᠡᠳᠬᠡᠬᠦ | ᠵᠡᠷᠭᠡ ᠭᠡᠷ᠎ᠡ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢᠨ ᠳᠤᠮᠳᠠ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ | ᠳᠣᠣᠷᠠᠬᠢ ᠦᠶᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠤᠯᠪᠤᠭᠳᠠᠯ | ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠠᠤᠯᠢ ᠶᠤᠰᠣᠴᠢ ᠴᠢᠨᠠᠷ ᠲᠠᠢ ᠬᠢᠨᠠᠨ ᠪᠠᠶᠢᠴᠠᠭᠠᠯᠲᠠ ᠶᠢ ᠳᠠᠮᠵᠢᠭᠰᠠᠨ ᠦᠭᠡᠢ ᠪᠤᠶᠤ ᠬᠢᠨᠠᠨ | ᠪᠠᠶᠢᠴᠠᠭᠠᠭᠠᠳ ᠬᠠᠤᠯᠢ ᠶᠣᠰᠣᠨ ᠤ ᠪᠤᠰᠤ ᠪᠠᠷ ᠵᠠᠰᠠᠭ ᠤᠨ ᠣᠷᠳᠣᠨ ᠤ ᠭᠡᠷ᠎ᠡ ᠶᠢ ᠳᠤᠷ᠎ᠠ ᠪᠠᠷ ᠢᠶᠠᠨ | ᠲᠣᠭᠲᠠᠭᠠᠭᠰᠠᠨ᠂ ᠬᠤᠪᠢᠷᠠᠭᠤᠯᠤᠭᠰᠠᠨ ᠪᠤᠶᠤ ᠬᠦᠴᠦᠨ ᠦᠭᠡᠢ ᠪᠤᠯᠭᠠᠭᠰᠠᠨ᠃ | ︵ᠬᠤᠶᠠᠷ︶ ᠲᠤᠰ ᠠᠷᠭ᠎ᠠ ᠶᠢᠨ ᠠᠷᠪᠠᠨ ᠬᠤᠶᠠᠳᠤᠭᠠᠷ ᠵᠦᠢᠯ ᠤᠨ ᠴᠠᠭᠠᠵᠠᠯᠠᠬᠤ ᠴᠢᠨᠠᠷᠲᠠᠢ ᠲᠣᠭᠲᠠᠭᠠᠯ ᠠᠴᠠ | ᠵᠥᠷᠢᠴᠡᠨ ᠵᠠᠰᠠᠭ ᠤᠨ ᠣᠷᠳᠣᠨ ᠤ ᠭᠡᠷ᠎ᠡ ᠶᠢ ᠲᠤᠭᠤᠷᠪᠢᠨ ᠪᠢᠴᠢᠭᠰᠡᠨ᠃ | ︵ᠭᠤᠷᠪᠠ︶ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠬᠠᠤᠯᠢ ᠶᠤᠰᠣᠴᠢ ᠴᠢᠨᠠᠷ ᠲᠠᠢ ᠬᠢᠨᠠᠨ | ᠪᠠᠶᠢᠴᠠᠭᠠᠯᠲᠠ ᠶᠢᠨ ᠰᠠᠨᠠᠯ ᠢ ᠦᠯᠦ ᠬᠦᠯᠢᠶᠡᠨ ᠠᠪᠤᠭᠰᠠᠨ᠃ | ︵ᠳᠥᠷᠪᠡ︶ ᠵᠠᠰᠠᠭ ᠤᠨ ᠣᠷᠳᠣᠨ ᠤ ᠭᠡᠷ᠎ᠡ ᠶᠢ ᠲᠣᠭᠲᠠᠭᠠᠬᠤ᠂ ᠭᠦᠢᠴᠡᠳᠬᠡᠬᠦ ᠶᠠᠪᠤᠴᠠ ᠳᠤ ᠪᠤᠰᠤᠳ ᠲᠠᠢ | ᠮᠠᠭᠤ ᠰᠠᠨᠠᠭ᠎ᠠ ᠲᠠᠢ ᠪᠠᠷ ᠰᠥᠯᠪᠡᠭᠡᠯᠳᠦᠵᠦ᠂ ᠵᠠᠰᠠᠭ ᠤᠨ ᠣᠷᠳᠣᠨ ᠤ ᠠᠰᠢᠭ ᠲᠤᠰᠠ ᠶᠢ ᠬᠤᠬᠢᠷᠠᠭᠤᠯᠤᠭᠰᠠᠨ᠃ | ︵ᠲᠠᠪᠤ︶ ᠵᠠᠰᠠᠭ ᠤᠨ ᠣᠷᠳᠣᠨ ᠤ ᠭᠡᠷ᠎ᠡ ᠶᠢ ᠲᠣᠭᠲᠠᠭᠠᠬᠤ᠂ ᠭᠦᠢᠴᠡᠳᠬᠡᠬᠦ ᠶᠠᠪᠤᠴᠠ ᠳᠤ ᠲᠤᠰᠢᠶᠠᠯ | ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠡᠭᠡᠯᠢ ᠬᠠᠭ᠋ᠤᠤᠯᠢ | ᠢᠳᠡᠭᠰᠡᠨ᠃ | ︵ᠵᠢᠷᠭᠤᠭ᠎ᠠ︶ ᠬᠤᠭᠤᠴᠠᠭ᠎ᠠ ᠬᠡᠲᠦᠷᠡᠭᠦᠯᠦᠨ ᠭᠡᠷᠡᠴᠢ ᠪᠠᠷᠢᠮᠲᠠ ᠬᠠᠩᠭᠠᠬᠤ᠂ ᠵᠠᠷᠭᠤ ᠬᠦᠯᠢᠶᠡᠬᠦ ᠬᠤᠭᠤᠴᠠᠭ᠎ᠠ | ᠨᠢ ᠥᠩᠭᠡᠷᠡᠭᠰᠡᠨ ᠵᠡᠷᠭᠡ ᠵᠠᠷᠭᠤ ᠬᠦᠯᠢᠶᠡᠭᠰᠡᠨ ᠨᠢ ᠵᠣᠬᠢᠰ ᠦᠭᠡᠢ ᠠᠴᠠ ᠪᠣᠯᠵᠤ ᠵᠠᠷᠭᠤ ᠢᠯᠠᠭᠳᠠᠭᠰᠠᠨ᠃ | ︵ᠲᠤᠯᠤᠭ᠎ᠠ︶ ᠬᠤᠳᠠ ᠶᠢᠨ ᠵᠠᠰᠠᠭ ᠤᠨ ᠣᠷᠳᠣᠨ ᠵᠢᠴᠢ ᠲᠡᠭᠦᠨ ᠤ ᠠᠵᠢᠯᠯᠠᠬᠤ ᠰᠠᠯᠠᠭ᠎ᠠ ᠮᠥᠴᠢᠷ᠂ | ᠬᠤᠳᠠ ᠶᠢᠨ ᠬᠠᠷᠢᠶ᠎ᠠ ᠪᠦᠬᠦᠢ ᠤᠯᠤᠰ ᠤᠨ ᠦᠮᠴᠢᠯᠡᠯᠳᠦ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠡ ᠶᠢᠨ | ᠭᠡᠷ᠎ᠡ ᠳᠤ ᠡᠳ᠋ᠯᠡᠬᠦ ᠬᠠᠤᠯᠢ ᠶᠣᠰᠣᠨ ᠤ ᠡᠷᠬᠡ ᠠᠰᠢᠭ ᠢᠶᠠᠨ ᠳᠤᠷ᠎ᠠ ᠪᠠᠷ ᠢᠶᠠᠨ ᠬᠠᠶᠠᠭᠰᠠᠨ᠃ | ︵ᠨᠠᠢᠮᠠ︶ ᠵᠠᠰᠠᠭ ᠤᠨ ᠣᠷᠳᠣᠨ ᠤ ᠭᠡᠷ᠎ᠡ ᠶᠢᠨ ᠮᠠᠲ᠋ᠧᠷᠢᠶᠠᠯ ᠢ ᠰᠠᠶᠢᠲᠤᠷ ᠬᠠᠳᠠᠭᠠᠯᠠᠭᠰᠠᠨ ᠦᠭᠡᠢ ᠠᠴᠠ ᠪᠣᠯᠵᠤ | ᠭᠡᠭᠡᠭᠳᠡᠭᠰᠡᠨ᠃ | ︵ᠶᠢᠰᠦ︶ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠢ ᠪᠤᠰᠤᠳ ᠪᠠᠶᠢᠳᠠᠯ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠬᠤᠷᠢ ᠶᠢᠰᠦᠳᠦᠭᠡᠷ ᠵᠦᠢᠯ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ | ᠠᠵᠢᠯᠯᠠᠬᠤ ᠰᠠᠯᠠᠭ᠎ᠠ ᠮᠥᠴᠢᠷ᠂ ᠠᠵᠢᠯ ᠦᠢᠯᠡᠰ ᠤᠨ ᠨᠢᠭᠡᠴᠡ ᠵᠠᠰᠠᠭ ᠤᠨ ᠣᠷᠳᠣᠨ ᠤ ᠭᠡᠷ᠎ᠡ ᠲᠣᠭᠲᠠᠭᠠᠭᠰᠠᠨ | ᠪᠠᠶᠢᠪᠠᠯ᠂ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠭᠤᠴᠢᠳᠤᠭᠠᠷ ᠵᠦᠢᠯ ᠲᠤᠰ ᠠᠷᠭ᠎ᠠ ᠶᠢᠨ ᠪᠤᠯᠪᠠᠰᠣᠷᠠᠯ ᠬᠦᠷᠳᠡᠭᠡᠬᠦ ᠠᠵᠢᠯ ᠢ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ ᠠᠴᠠ ᠬᠠᠷᠢᠭᠤᠴᠠᠨ᠎ᠠ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠤᠰ ᠠᠷᠭ᠎ᠠ ᠶᠢ | ᠬᠡᠷᠡᠭᠵᠢᠭᠦᠯᠦᠭᠰᠡᠨ ᠪᠠᠶᠢᠳᠠᠯ ᠢ ᠬᠠᠭᠠᠰ ᠵᠢᠯ ᠪᠦᠷᠢ ᠨᠢᠭᠡ ᠤᠳᠠᠭ᠎ᠠ ᠬᠢᠨᠠᠨ ᠰᠢᠯᠭᠠᠬᠤ ᠶᠢ ᠬᠠᠷᠢᠭᠤᠴᠠᠬᠤ ᠶᠢᠨ ᠬᠠᠮᠲᠤ | ᠬᠢᠨᠠᠨ ᠰᠢᠯᠭᠠᠭᠰᠠᠨ ᠦᠷ᠎ᠡ ᠳ᠋ᠦᠩ ᠢᠶᠠᠨ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ᠎ᠡ᠃ ᠬᠤᠲᠠ ᠶᠢᠨ | ᠵᠠᠰᠠᠭ ᠤᠨ ᠣᠷᠳᠣᠨ ᠤ ᠠᠯᠪᠠᠨ ᠭᠡᠷ ᠠᠴᠠ ᠰᠢᠯᠭᠠᠨ ᠬᠢᠨᠠᠭᠰᠠᠨ ᠦᠷ᠎ᠡ ᠳ᠋ᠦᠩ ᠢᠶᠠᠨ ᠵᠠᠰᠠᠭ ᠤᠨ ᠣᠷᠳᠣᠨ ᠤ | ᠰᠢᠰᠲ᠋ᠧᠮ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠳᠤ ᠣᠷᠣᠭᠤᠯᠣᠨ᠎ᠠ᠃ | ᠭᠤᠴᠢᠨ ᠨᠢᠭᠡᠳᠦᠭᠡᠷ ᠵᠦᠢᠯ ᠲᠣᠰ ᠠᠷᠭ᠎ᠠ ᠶᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ | ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | |