ᠭᠤᠣᠯ ᠰᠡᠳᠦᠪᠲᠦ ᠬᠥᠮᠦᠵᠢᠯ᠄ ᠬᠤᠲᠠ ᠶᠢᠨ ᠨᠠᠮ ᠤᠨ ᠬᠤᠷᠢᠶ᠎ᠠ ᠭᠤᠣᠯ ᠰᠡᠳᠦᠪᠲᠦ ᠬᠥᠮᠦᠵᠢᠯ ᠤᠨ ᠬᠤᠲᠠ ᠶᠢᠨ ᠱᠠᠲᠤᠨ ᠤ ᠤᠳᠤᠷᠢᠳᠤᠯᠭ᠎ᠠ ᠶᠢᠨ ᠭᠤᠷᠪᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/1/10
     1 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠳᠠ ᠶᠢᠨ ᠲᠡᠰ ᠤᠨ ᠤᠳᠤᠷᠢᠳᠤᠯᠭ᠎ᠠ ᠶᠢᠨ ᠭᠤᠷᠪᠠᠳᠤᠭᠠᠷ ᠣᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠠᠳᠬᠤᠬᠤ︾ ᠭᠤᠣᠯ ᠰᠡᠳᠤᠪ ᠤᠨ ᠲᠤᠭᠤᠷᠢᠨ ᠳᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠪᠠ᠃ ᠬᠤᠳᠠ ᠶᠢᠨ ᠤᠳᠤᠷᠢᠳᠤᠯᠭ᠎ᠠ ᠹᠧᠩ ᠰᠢᠤᠸᠠᠢ ᠲᠤᠤ᠂ ᠸᠠᠩ ᠸᠧᠨ ᠵᠢᠶᠧ ᠨᠠᠷ ᠣᠷᠣᠯᠴᠠᠪᠠ᠃      ᠰᠣᠯᠢᠯᠴᠠᠭᠠᠨ ᠤ ᠬᠤᠷᠠᠯ ᠳᠡᠭᠡᠷ᠎ᠡ᠂ ᠭᠧᠩ ᠬᠠᠢ ᠵᠢᠶᠦ᠋ᠨ᠂ ᠮᠧᠩ ᠫᠧᠢ ᠶᠦᠨ᠂ ᠯᠢᠦ ᠵᠢᠢ ᠭᠤᠤ᠂ ᠰᠦᠩ ᠶᠤᠸᠠᠢ ᠰᠢᠶᠠ᠂ ᠯᠢᠶᠠᠩ ᠱᠣ᠋ ᠫᠢᠩ᠂ ᠱᠤᠤ ᠵᠧᠩ ᠸᠧᠨ᠂ ᠲᠢᠶᠠᠨ ᠴᠧᠩ ᠵᠢᠶᠦ᠋ᠨ ᠵᠡᠷᠭᠡ 7 ᠨᠥᠬᠦᠷ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠲᠠᠨᠢᠯᠴᠠᠭᠤᠯᠵᠤ᠂ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠠ ᠲᠥᠯᠥᠪᠯᠡᠭᠡ ᠪᠠᠨ ᠳᠤᠷᠠᠳᠪᠡ᠃      ᠲᠠᠩ ᠢ ᠤᠯᠠᠨ ᠤ ᠰᠠᠨᠠᠯ ᠢᠶᠠᠨ ᠰᠣᠯᠢᠯᠴᠠᠬᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ ᠬᠡᠯᠡᠭᠰᠡᠨ ᠨᠢ᠂ ᠤᠯᠠᠨ ᠢᠶᠠᠷ ᠢᠶᠠᠨ ᠭᠤᠣᠯ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠬᠢᠵᠦ᠂ ᠠᠰᠠᠭᠤᠳᠠᠯ ᠢᠶᠠᠨ ᠣᠨᠣᠪᠴᠢᠲᠠᠢ ᠡᠷᠢᠵᠦ᠂ ᠰᠠᠨᠠᠭᠤᠯᠭ᠎ᠠ ᠪᠠᠨ ᠪᠣᠳᠠᠲᠠᠢ ᠳᠤᠷᠠᠳᠴᠤ᠂ ᠨᠢᠭᠡ ᠪᠦᠯᠦᠭ ᠭᠦᠨᠵᠡᠭᠡᠢ ᠪᠣᠳᠣᠯᠬᠢᠯᠠᠭᠰᠠᠨ᠂ ᠦᠢᠯᠡᠳᠦᠯᠭᠡ ᠶᠢᠨ ᠰᠦᠪᠡᠭᠴᠢᠯᠡᠯᠲᠡ ᠲᠠᠢ᠂ ᠦᠨ᠎ᠡ ᠦᠷᠳᠡᠭ ᠲᠠᠢ ᠯᠠᠪᠯᠠᠯᠲᠠ ᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠤᠢ ᠪᠣᠯᠭᠠᠵᠤ᠂ ᠵᠢᠱᠢᠭᠰᠡᠨ ᠦᠷ᠎ᠡ ᠪᠦᠲᠦᠮᠵᠢ ᠳᠤ ᠬᠦᠷᠪᠡ᠃ ᠤᠯᠠᠨ ᠢᠶᠠᠷ ᠢᠶᠠᠨ ᠠᠰᠠᠭᠤᠳᠠᠯ ᠢᠶᠠᠨ ᠤᠯᠠᠮ ᠴᠢᠨᠠᠭᠰᠢᠳᠠ ᠡᠮᠬᠢᠯᠡᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ︽ᠰᠡᠭᠦᠯᠴᠢ ᠶᠢᠨ ᠬᠠᠭᠠᠰ ᠠᠵᠢᠯ︾ ᠢᠶᠠᠨ ᠰᠠᠶᠢᠲᠤᠷ ᠠᠳᠬᠤᠵᠤ᠂ ᠠᠯᠢ ᠤᠯᠠᠨ ︽ᠠᠰᠠᠭᠤᠳᠠᠯ ᠤᠨ ᠨᠠᠷᠢᠨ ᠲᠠᠩᠰᠠ︾ ᠶᠢ ︽ᠦᠷ᠎ᠡ ᠪᠦᠲᠦᠭᠡᠯ ᠤᠨ ᠨᠠᠷᠢᠨ ᠲᠠᠩᠰᠠ︾ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠠᠵᠢᠯ ᠣᠯᠭᠤᠯᠲᠠ ᠭᠡᠬᠦ ᠡᠨᠡ ᠬᠦ ᠬᠠᠮᠤᠭ ᠤᠨ ᠶᠡᠭᠡ ᠠᠷᠠᠳ ᠤᠨ ᠠᠮᠢᠳᠤᠷᠠᠯ ᠢ ᠰᠠᠶᠢᠲᠤᠷ ᠠᠳᠬᠤᠵᠤ᠂ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠪᠠᠷ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠦᠨᠳᠦᠰᠦᠨ ᠤᠷᠢᠲᠠᠯ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠭᠠᠳᠠᠭᠰᠢ ᠨᠡᠭᠡᠭᠡᠯᠲᠡ ᠬᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠ ᠠᠵᠤ ᠦᠢᠯᠡᠰ ᠤᠨ ᠬᠡᠪᠴᠢᠶ᠎ᠡ ᠪᠠᠨ ᠶᠡᠬᠡᠰᠬᠡᠵᠦ᠂ ᠠᠵᠢᠯ ᠣᠯᠭᠤᠯᠳᠠ ᠶᠢᠨ ᠠᠵᠢᠯ ᠤᠨ ᠪᠠᠶᠢᠷᠢ ᠶᠢ ᠨᠡᠮᠡᠭᠳᠡᠭᠦᠯᠦᠨ᠂ ᠠᠵᠢᠯ ᠣᠯᠭᠤᠯᠳᠠ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ᠃ ᠪᠣᠳᠠᠲᠤ ᠪᠠᠶᠢᠳᠠᠯ ᠳᠤ ᠰᠠᠭᠤᠷᠢᠯᠠᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠠᠭᠠᠨ ᠨᠡᠮᠡᠭᠳᠡᠭᠦᠯᠵᠦ᠂ ᠠᠵᠢᠯ ᠣᠯᠬᠤ ᠳᠤ ᠬᠦᠴᠢᠷᠲᠡᠢ ᠬᠠᠮᠲᠤᠯᠢᠭ ᠤᠨ ᠲᠣᠭᠲᠠᠭᠤᠨ ᠠᠵᠢᠯ ᠣᠯᠭᠤᠯᠲᠠ᠂ ᠲᠣᠭᠲᠠᠭᠤᠨ ᠣᠷᠣᠯᠭ᠎ᠠ ᠶᠢᠨ ᠨᠡᠮᠡᠭᠳᠡᠯ ᠢ ᠨᠡᠩ ᠰᠠᠶᠢᠲᠤᠷ ᠳᠠᠶᠢᠴᠢᠯᠠᠬᠤ ᠬᠡᠷᠡᠭᠲᠡᠢ᠃ ᠡᠮᠴᠢᠯᠡᠭᠡ ᠰᠤᠷᠭᠠᠨ ᠬᠥᠮᠦᠵᠢᠯ ᠤᠨ ᠳᠤᠲᠠᠭᠤᠳᠠᠯ ᠢ ᠨᠢ ᠤᠨᠢᠨ ᠳᠡᠭᠡᠷ᠎ᠡ ᠨᠢ ᠨᠥᠬᠦᠪᠦᠷᠢᠯᠡᠵᠦ᠂ ᠡᠮᠴᠢᠯᠡᠭᠡᠨ ᠤ ᠠᠪᠤᠷᠠᠨ ᠵᠠᠰᠠᠬᠤ ᠲᠦᠪᠰᠢᠨ ᠢᠶᠠᠨ ᠳᠡᠭᠡᠭᠰᠢᠯᠡᠭᠦᠯᠬᠦ᠂ ᠡᠮᠴᠢ ᠶᠢᠨ ᠮᠣᠷᠠᠯ ᠰᠤᠷᠲᠠᠯ ᠢ ᠰᠠᠶᠢᠵᠢᠷᠠᠭᠤᠯᠬᠤ᠂ ᠥᠪᠡᠷᠮᠢᠴᠡ ᠡᠮᠴᠢᠯᠡᠭᠡᠨ ᠤ ᠦᠢᠯᠡᠴᠢᠯᠡᠭᠡ ᠬᠠᠩᠭᠠᠬᠤ ᠵᠡᠷᠭᠡ ᠲᠠᠯ᠎ᠠ ᠪᠠᠷ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠵᠤ᠂ ᠤᠯᠠᠨ ᠲᠦᠮᠡᠨ ᠤ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠶᠢᠨ ᠲᠤᠬᠠᠢ ᠬᠦᠰᠡᠯ ᠡᠷᠡᠮᠡᠯᠵᠡᠯ ᠢ ᠦᠨᠡᠨᠬᠦ ᠬᠠᠩᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠵᠣᠬᠢᠰᠲᠠᠢ ᠪᠠᠶᠢᠷᠢᠰᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠪᠣᠯᠣᠨ ᠲᠦᠪᠰᠢᠨ ᠢᠶᠠᠨ ᠲᠦᠷᠭᠡᠨ ᠳᠡᠭᠡᠭᠰᠢᠯᠡᠭᠦᠯᠬᠦ ᠬᠡᠷᠡᠭᠲᠡᠢ᠃ ᠬᠤᠲᠠ ᠶᠢᠨ ᠦᠢᠯᠡᠴᠢᠯᠡᠭᠡᠨ ᠤ ᠴᠢᠳᠠᠮᠵᠢ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ︽ᠨᠢᠭᠡ ᠮᠦᠴᠡᠲᠤ ᠠᠮᠢᠳᠤᠷᠠᠯ ᠤᠨ ᠬᠦᠷᠢᠶ᠎ᠡ︾ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠣᠯᠠᠨ ᠨᠡᠶᠢᠲᠡ ᠶᠢᠨ ᠲᠥᠬᠦᠭᠡᠷᠦᠮᠵᠢ ᠶᠢᠨ ᠳᠤᠲᠠᠭᠤᠳᠠᠯ ᠢᠶᠠᠨ ᠤᠯᠠᠮ ᠨᠢᠭᠡ ᠠᠯᠬᠤᠮ ᠨᠥᠬᠦᠪᠦᠷᠢᠯᠡᠵᠦ᠂ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠨ ᠪᠠᠶᠠᠯᠢᠭᠵᠢᠭᠤᠯᠤᠨ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠳᠥᠭᠦᠮ ᠳᠥᠲᠡ ᠵᠣᠯ ᠵᠢᠷᠭᠠᠯᠲᠤ ᠬᠤᠲᠠ ᠶᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ ᠵᠢᠯ ᠤᠨ ᠡᠴᠦᠰ ᠣᠨ ᠤ ᠡᠬᠢᠨ ᠤ ᠲᠤᠯᠠᠭᠠᠯᠠᠭ᠎ᠠ ᠶᠢᠨ ᠬᠠᠩᠭᠠᠯᠭ᠎ᠠ ᠶᠢ ᠪᠠᠲᠤᠯᠠᠬᠤ᠂ ᠬᠥᠯᠥᠰᠦᠨ ᠠᠵᠢᠯᠴᠢᠨ ᠤ ᠴᠠᠯᠢᠩ ᠢ ᠥᠭᠬᠦ᠂ ᠠᠮᠤᠷ ᠲᠦᠪᠰᠢᠨ ᠲᠣᠭᠲᠠᠭᠤᠨ ᠪᠠᠶᠢᠬᠤ ᠵᠡᠷᠭᠡ ᠡᠯ᠎ᠡ ᠵᠦᠢᠯ ᠤᠨ ᠠᠵᠢᠯ ᠢᠶᠠᠨ ᠰᠠᠶᠢᠲᠤᠷ ᠠᠳᠬᠤᠵᠤ᠂ ᠤᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ᠂ ᠵᠣᠯ ᠵᠢᠷᠭᠠᠯ ᠲᠠᠢ ᠪᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ᠂ ᠠᠮᠤᠷ ᠲᠦᠪᠰᠢᠨ ᠢᠶᠠᠷ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号