ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/11
     1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠳᠠᠭᠠᠨ ᠮᠠᠨ ᠤ ᠨᠠᠮ ᠶᠠᠭᠤᠨ ᠳᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠶᠠᠭᠤᠨ ᠳᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠳᠡᠶᠢᠯᠬᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠭᠦᠭᠰᠡᠨ ᠪᠠᠶᠢᠨ᠎ᠠ᠂ ᠡᠨᠡ ᠨᠢ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠶᠢᠨ ᠦᠨᠳᠦᠰᠦᠨ ᠵᠢᠷᠤᠮᠯᠠᠯ ᠪᠣᠯᠣᠨ᠎ᠠ᠃ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ᠂ ᠰᠢᠰᠲ᠋ᠧᠮ ᠲᠠᠢ ᠵᠠᠰᠠᠬᠤ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠪᠠᠨ ᠲᠣᠪᠤᠶᠢᠯᠭᠠᠨ᠂ ᠠᠴᠢᠶᠠᠯᠠᠪᠤᠷᠢ ᠪᠠᠨ ᠲᠣᠳᠣᠷᠬᠠᠶᠢᠯᠠᠵᠤ᠂ ᠢᠯᠵᠢᠷᠡᠯ ᠤᠨ ᠠᠰᠠᠭᠤᠳᠠᠯ ᠢ ᠰᠡᠷᠭᠡᠶᠢᠯᠡᠬᠦ ᠪᠠ ᠵᠠᠰᠠᠬᠤ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠬᠡᠷᠡᠭᠲᠡᠢ᠃ ᠢᠯᠵᠢᠷᠡᠯ ᠢ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠪᠠᠨ ᠴᠢᠩᠭᠠᠳᠬᠠᠵᠤ᠂ ︽ᠲᠤᠯᠤᠭᠠᠨ ᠪᠠᠶᠢᠬᠤ︾ ᠠᠰᠠᠭᠤᠳᠠᠯ ᠢ ᠴᠢᠩᠭ᠎ᠠ ᠠᠩᠬᠠᠷᠴᠤ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠰᠤᠷᠲᠠᠯ ᠢᠯᠵᠢᠷᠡᠯ ᠢ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ ᠶᠢ ᠭᠦᠨᠵᠡᠭᠡᠶᠢᠷᠡᠭᠦᠯᠵᠦ᠂ ᠢᠯᠵᠢᠷᠡᠯ ᠠᠴᠠ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠯ ᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠴᠢᠳᠠᠪᠤᠷᠢ ᠪᠣᠯᠣᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ︽ᠭᠤᠷᠪᠠ ᠶᠢ ᠢᠯᠭᠠᠬᠤ︾ ᠶᠢ ᠪᠠᠷᠢᠮᠲᠠᠯᠠᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠵᠣᠷᠢᠭᠵᠢᠭᠤᠯᠬᠤ ᠪᠠ ᠬᠢᠵᠠᠭᠠᠷᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠪᠤᠳᠠᠳᠠᠶᠢᠵᠢᠭᠤᠯᠵᠤ᠂ ᠡᠯ᠎ᠡ ᠲᠦᠷᠦᠯ ᠤᠨ ᠬᠢᠨᠠᠯᠲᠠ ᠲᠠᠯᠪᠢᠬᠤ ᠬᠦᠴᠦᠨ ᠢ ᠨᠡᠶᠢᠳᠬᠡᠬᠦ᠂ ᠲᠡᠰ ᠳᠠᠷᠠᠭᠠᠯᠠᠯ ᠢᠶᠠᠨ ᠵᠣᠬᠢᠴᠠᠭᠤᠯᠬᠤ᠂ ᠠᠵᠢᠯ ᠢᠶᠠᠨ ᠠᠭᠤᠰᠤᠯᠴᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠨᠠᠯᠲᠠ ᠲᠠᠯᠪᠢᠬᠤ ᠰᠢᠰᠲ᠋ᠧᠮ ᠤᠨ ᠥᠨᠳᠥᠷ ᠪᠦᠲᠦᠮᠵᠢᠲᠡᠢ ᠠᠵᠢᠯᠯᠠᠬᠤ ᠶᠢ ᠠᠬᠢᠭᠤᠯᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠭᠤᠯᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠣᠯᠠᠮ ᠴᠢᠩᠭᠠᠳᠬᠠᠵᠤ᠂ ᠲᠡᠮᠦᠷ ᠮᠡᠲᠦ ᠰᠠᠬᠢᠯᠭ᠎ᠠ ᠪᠠᠲᠤ ᠪᠠᠷ ᠰᠠᠬᠢᠯᠭ᠎ᠠ ᠪᠠᠲᠤ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠲᠦᠷᠦᠭᠦᠯᠡᠨ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠪᠠᠨ ᠲᠦᠷᠭᠡᠳᠬᠡᠬᠦ︾ ᠱᠠᠭᠠᠷᠳᠠᠯᠭ᠎ᠠ ᠶᠣᠰᠣᠭᠠᠷ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠡᠢ᠃       ᠬᠤᠷᠠᠯ ᠠᠴᠠ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠣᠳᠠᠭᠠᠨ ᠤ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠪᠠ ᠬᠤᠯᠪᠣᠭᠳᠠᠯ ᠪᠦᠬᠦᠢ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠬᠤᠷᠠᠯ ᠤᠨ ᠪᠡᠯᠡᠳᠬᠡᠯ ᠠᠵᠢᠯ ᠢᠶᠠᠨ ᠨᠠᠷᠢᠨ ᠨᠢᠮᠪᠠᠢ᠂ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠷ ᠰᠠᠶᠢᠲᠤᠷ ᠬᠤᠷᠠᠯᠳᠣᠭᠤᠯᠵᠣ᠂ ᠮᠠᠨ ᠤ ᠬᠤᠲᠠ ᠶᠢᠨ ᠬᠤᠶᠠᠷ ᠬᠤᠷᠠᠯ ᠤᠨ ᠲᠡᠭᠦᠰ ᠠᠮᠵᠢᠯᠲᠠ ᠲᠠᠢ ᠬᠤᠷᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ 2023 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠣᠭᠠᠴᠢᠨ ᠤᠷᠢᠵᠤ ᠪᠡᠯᠡ ᠣᠷᠣᠭᠤᠯᠤᠭᠰᠠᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠲᠠᠨᠢᠯᠴᠠᠭᠤᠯᠤᠭᠰᠠᠨ ᠡᠲᠡᠭᠡᠳ ᠤᠨ ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号