ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠠ ᠲᠣᠭᠤᠷᠢᠭ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/12
     1 ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠬᠤᠷᠠᠯᠳᠤᠪᠠ᠃      ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠵᠢᠴᠢ ᠦᠬᠠᠢ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠤᠳᠠ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2023 ᠣᠨ ᠤ ᠠᠵᠢᠯ ᠢᠶᠠᠨ ᠪᠤᠰᠤᠳᠴᠢ ᠪᠠᠷ ᠳ᠋ᠦᠩᠨᠡᠵᠦ᠂ 2024 ᠣᠨ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ ︽2023 ᠣᠨ ᠤ ᠪᠦᠬᠦ ᠲᠤᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ︾ ︽2023 ᠣᠨ ᠤ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ︾ ︽2023 ᠣᠨ ᠤ ᠨᠠᠮ ᠤᠨ ᠰᠦᠢᠳᠬᠡᠯ ᠬᠤᠷᠢᠶᠠᠭᠰᠠᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ᠃      ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠤᠳᠠ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠳᠠᠭᠠᠭᠰᠠᠨ 2024 ᠣᠨ ᠤ ᠤᠳᠠ ᠲᠣᠭᠤᠷᠢᠭ ᠤᠨ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠱᠤᠭᠤᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶ ᠶᠢᠨ ᠶᠠᠰᠤ ᠴᠢᠨᠠᠷ ᠢᠶᠠᠨ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶᠡᠨ ᠤ ᠵᠦᠶ ᠵᠣᠬᠢᠰᠲᠠᠶ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠪᠠ ᠪᠥᠬᠦ ᠬᠤᠲᠠ ᠶᠢᠨ ︽ᠭᠤᠷᠪᠠᠨ ᠴᠢᠨᠠᠷ ᠰᠠᠶᠢᠳᠠᠢ︾ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号