ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/12
     1 ᠰᠠᠷ᠎ᠠ ᠶᠢᠨ 11 ᠤ ᠡᠳᠦᠷ᠂ ᠬᠤᠲᠠ ᠶᠢᠨ ᠤᠯᠤᠰ ᠳᠦᠷᠦ ᠶᠢᠨ ᠵᠦᠪᠯᠡᠯᠬᠡᠨ ᠤ ᠠᠷᠪᠠᠲᠤᠭᠠᠷ ᠬᠤᠭᠤᠴᠠᠭᠠᠨ ᠤ ᠠᠷᠪᠡᠨ ᠨᠢᠬᠡᠲᠦᠭᠡᠷ ᠤᠲᠠᠭᠠᠨ ᠤ ᠪᠠᠶᠢᠩᠭᠤ ᠶᠢᠨ ᠬᠤᠷᠠᠯ ᠬᠤᠷᠠᠯᠲᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠲᠢᠩ ᠯᠢᠨ᠂ ᠦ᠋ ᠶᠧ ᠸᠧᠨ᠂ ᠸᠠᠩ ᠰᠢᠶᠠᠨ ᠭᠠᠩ᠂ ᠵᠠᠩ ᠮᠧᠩ ᠵᠢᠶᠠᠨ᠂ ᠵᠠᠩ ᠬᠤᠩ ᠪᠢᠨ᠂ ᠱᠣᠤ ᠵᠧᠩ ᠸᠧᠨ᠂ ᠯᠢ ᠾᠦᠢ ᠫᠢᠩ᠂ ᠭᠦᠸᠧ ᠴᠠᠩ ᠠᠨ᠂ ᠨᠠᠷᠢᠨ ᠪᠢᠴᠢᠭ ᠤᠨ ᠳᠠᠷᠤᠭ᠎ᠠ ᠵᠣᠣ ᠽᠢ ᠴᠧᠩ ᠵᠢᠴᠢ ᠪᠠᠶᠢᠩᠭᠤ ᠶᠢᠨ ᠭᠡᠰᠢᠭᠦᠨ ᠨᠡᠶᠢᠲᠡ 36 ᠬᠥᠮᠦᠨ ᠬᠤᠷᠠᠯ ᠳᠤ ᠣᠷᠣᠯᠴᠠᠪᠡ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠲᠦᠷᠢᠮ ᠲᠣᠭᠲᠠᠭᠠᠯ ᠪᠣᠯᠤᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠣᠳᠠᠭᠠᠨ ᠤ ᠬᠤᠷᠠᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠦᠪᠯᠡᠨ ᠪᠠᠲᠤᠯᠠᠵᠤ᠂ ᠪᠠᠰᠠ ᠬᠤᠯᠪᠣᠭᠳᠠᠯ ᠪᠦᠬᠦᠢ ᠠᠵᠢᠯᠳᠠᠨ ᠤ ᠶᠠᠪᠤᠳᠠᠯ ᠤᠨ ᠵᠦᠢᠯᠡᠰ ᠢ ᠬᠢᠨᠠᠨ ᠵᠦᠪᠯᠡᠨ ᠪᠠᠲᠤᠯᠠᠵᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠡᠰᠡᠭ ᠪᠠᠶᠢᠩᠭᠤ ᠶᠢᠨ ᠭᠡᠰᠢᠭᠦᠳ ᠤᠨ 2023 ᠣᠨ ᠤ ᠲᠤᠰᠢᠶᠠᠯ ᠤᠨ ᠮᠡᠳᠡᠭᠦᠯᠦᠯᠲᠡ ᠪᠣᠯᠤᠨ ᠲᠡᠷᠢᠭᠦᠯᠡᠭᠴᠢ ᠶᠢᠨ ᠬᠤᠷᠠᠯ ᠤᠨ 2023 ᠣᠨ ᠤ ᠠᠵᠢᠯ ᠤᠨ ᠮᠡᠳᠡᠭᠦᠯᠦᠯᠲᠡ ᠶᠢ ᠰᠣᠨᠣᠰᠪᠡ᠃      ᠸᠠᠩ ᠸᠧᠨ ᠵᠢᠶᠧ ᠬᠡᠯᠡᠭᠰᠡᠨ ᠨᠢ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯ ᠪᠣᠯ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠲᠠ ᠶᠢᠨ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠤᠯᠬᠤ ᠨᠢᠭᠡ ᠤᠳᠠᠭᠠᠨ ᠤ ᠴᠢᠬᠤᠯᠠ ᠬᠤᠷᠠᠯ ᠪᠣᠯᠤᠨ᠎ᠠ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠣᠷᠭᠢᠯᠤᠮ᠎ᠠ ᠬᠠᠯᠠᠭᠤᠨ ᠰᠡᠳᠬᠢᠯᠭᠡ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠤᠷᠠᠯ ᠳᠤ ᠣᠷᠣᠯᠴᠠᠬᠤ ᠬᠡᠷᠡᠭᠲᠡᠢ᠃ ᠨᠠᠷᠢᠨ ᠬᠢᠨᠠᠮᠠᠭᠠᠢ ᠰᠤᠳᠤᠯᠵᠤ᠂ ᠨᠠᠷᠢᠨ ᠨᠢᠭᠲᠠ ᠪᠠᠶᠢᠷᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠠᠮᠵᠢᠯᠴᠠᠨ ᠵᠤᠬᠢᠴᠠᠭᠤᠯᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠤᠷᠠᠯ ᠤᠨ ᠪᠡᠯᠡᠳᠬᠡᠯ ᠢᠶᠠᠨ ᠨᠠᠷᠢᠨ ᠨᠢᠮᠪᠠᠢ ᠰᠠᠶᠢᠲᠤᠷ ᠬᠢᠵᠦ᠂ ᠶᠡᠭᠡ ᠬᠤᠷᠠᠯ ᠤᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠤᠶᠠᠯᠳᠤᠯ ᠤᠨ ᠴᠢᠭ᠂ ᠬᠦᠴᠦᠯᠡᠬᠦ‍ ᠴᠢᠭ᠂ ᠲᠤᠰᠤᠯᠳᠠ ᠶᠢᠨ ᠴᠢᠭ ᠢᠶᠠᠨ ᠣᠨᠣᠪᠴᠢᠲᠠᠢ ᠣᠯᠵᠤ᠂ 2024 ᠣᠨ ᠤ ᠠᠵᠢᠯ ᠤᠨ ᠲᠤᠬᠢᠷᠠᠭᠤᠯᠤᠯᠳᠠ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号