ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠢ ᠬᠤᠷᠠᠯᠳᠤᠭᠤᠯᠬᠤ ᠲᠤᠬᠠᠶ ᠰᠢᠢᠳᠪᠦᠷᠢ
ᠨᠡᠶᠢᠲᠡᠯᠡᠭᠰᠡᠨ ᠴᠠᠭ᠄
2024/1/12
     ︵2024 ᠣᠨ ᠤ 1 ᠰᠠᠷ᠎ᠠ ᠶᠢᠨ 11 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠣᠳᠠᠭᠠᠨ ᠤ ᠬᠤᠷᠠᠯ ᠠᠴᠠ ᠪᠠᠲᠤᠯᠠᠪᠠ︶      ᠬᠤᠲᠠ ᠶᠢᠨ ᠨᠠᠮ ᠤᠨ ᠬᠤᠷᠢᠶᠠᠨ ᠤ ᠵᠥᠪᠰᠢᠶᠡᠷᠡᠯ ᠢᠶᠠᠷ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠣᠳᠠᠭᠠᠨ ᠤ ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠢ 2024 ᠣᠨ ᠤ 1 ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ ᠬᠠᠶᠢᠷᠤᠪ ᠤᠨ ᠲᠣᠬᠤᠶ ᠳᠤ ᠬᠤᠷᠠᠯᠳᠤᠭᠤᠯᠬᠤ ᠪᠠᠷ ᠲᠣᠭᠲᠠᠵᠤ᠂ ᠬᠤᠷᠠᠯ ᠤᠨ ᠬᠤᠭᠤᠴᠠᠭ᠎ᠠ ᠨᠢ 2 ᠡᠳᠦᠷ ᠬᠠᠭᠠᠰ ᠪᠣᠯᠤᠨ᠎ᠠ᠃ ᠬᠤᠷᠠᠯ ᠤᠨ ᠵᠥᠪᠯᠡᠬᠦ ᠵᠦᠢᠯᠡᠰ᠄ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ ᠢ ᠬᠢᠨᠠᠨ ᠵᠥᠪᠯᠡᠨ᠎ᠡ᠃ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠣᠳᠠᠭᠠᠨ ᠤ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠬᠦᠯᠦᠯᠳᠡ ᠶᠢ ᠬᠢᠨᠠᠨ ᠵᠥᠪᠯᠡᠨ᠎ᠡ᠃ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯ ᠳᠤ ᠰᠣᠯᠠ ᠣᠷᠣᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠣᠨ ᠶᠠᠷᠢᠯᠴᠠᠵᠤ᠂ ᠪᠤᠰᠤᠳ ᠬᠤᠯᠪᠣᠭᠳᠠᠯ ᠪᠦᠬᠦᠢ ᠢᠯᠡᠳᠭᠡᠯ ︵ᠮᠡᠳᠡᠭᠦᠯᠦᠯᠲᠡ︶ ᠢ ᠶᠠᠷᠢᠯᠴᠠᠨ᠎ᠠ᠃ ᠬᠡᠰᠢᠬᠦᠨ ᠶᠡᠭᠡ ᠬᠤᠷᠠᠯ ᠳᠤ ᠶᠠᠷᠢᠶ᠎ᠠ ᠲᠠᠯᠪᠢᠨ᠎ᠠ᠃ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ  ᠤᠨ ᠡᠯ᠎ᠡ ᠵᠦᠢᠯ ᠤᠨ ᠰᠢᠢᠳᠪᠦᠷᠢ ᠶᠢ ᠬᠢᠨᠠᠨ ᠵᠦᠪᠯᠡᠵᠦ ᠪᠠᠲᠤᠯᠠᠨ᠎ᠠ᠃ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠣᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠵᠦᠪᠯᠡᠯ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠬᠦᠯᠦᠯᠳᠡ ᠶᠢ ᠬᠢᠨᠠᠨ ᠵᠦᠪᠯᠡᠵᠦ ᠪᠠᠲᠤᠯᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号